| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3 ᠤ ᠴᠠᠭᠢᠯᠭᠠᠨ ᠮᠡᠳᠡᠭᠡ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ | ᠲᠠᠰᠢᠷᠠᠮ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠺᠢᠽᠢᠯᠰᠦ᠋ ᠶᠢᠨ ᠭᠢᠷᠭᠢᠰ ᠤᠨ ᠥᠪᠡᠷᠲᠡᠭᠡᠨ ᠵᠠᠰᠠᠬᠤ ᠵᠧᠦ ᠶᠢᠨ ᠠᠲ᠋ᠦ᠋ᠱ ᠬᠤᠳᠠ ᠶᠢᠨ | ᠺᠠᠷᠠ ᠵᠢᠶᠦ᠋ᠨ ᠰᠢᠶᠠᠩ ᠤᠨ ᠰᠢᠶ᠋ᠸᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ | ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠪᠦᠭᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ ᠂ ᠪᠦᠭᠦ | ᠤᠯᠤᠰ ᠤᠨ ᠥᠷᠭᠡᠨ ᠣᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠨᠠᠨᠳᠢᠨ ᠬᠦᠰᠡᠯ ᠳᠤᠷᠠᠳᠴᠠᠢ ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ ᠂ ᠲᠠ ᠨᠠᠷ ᠨᠠᠮ ᠤᠨ ᠤᠷᠢᠶᠠᠯᠠᠭ᠎ᠠ ᠶᠢ ᠳᠠᠭᠠᠵᠤ ᠪᠠᠷᠠᠭᠤᠨᠳᠡᠬᠢ ᠬᠢᠯᠢ ᠬᠢᠵᠠᠭᠠᠷ ᠣᠷᠣᠨ ᠳᠤ ᠬᠦᠷᠴᠦ ᠪᠢᠴᠢᠭ ᠵᠢᠭᠠᠵᠤ | ᠬᠥᠮᠥᠨ ᠬᠥᠮᠥᠵᠢᠭᠦᠯᠵᠦ ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠳᠤ ᠢᠳᠡᠪᠬᠢᠲᠡᠢ | ᠦᠢᠯᠡᠳᠦᠯ ᠪᠠᠳᠠᠷᠠᠭᠤᠯᠵᠤ ᠂ ᠥᠪᠡᠷ ᠢᠶᠠᠨ ᠴᠦ ᠳᠠᠪᠲᠠᠭᠳᠠᠨ ᠪᠣᠯᠪᠠᠰᠤᠷᠠᠵᠤ ᠦᠰᠦᠨ ᠪᠤᠶᠢᠵᠢᠭᠰᠠᠨ ᠪᠠᠶᠢᠨ᠎ᠠ ᠭᠡᠵᠦ ᠬᠡᠯᠡᠪᠡ ᠃ | ᠰᠢ ᠶᠢᠨ ᠫᠢᠩ ᠂ ᠡᠳᠡᠭᠡᠷ ᠵᠢᠯ ᠤᠳ ᠲᠤ ᠨᠡᠩ ᠤᠯᠠᠨ ᠵᠠᠯᠠᠭᠤᠴᠤᠳ ᠪᠠᠷᠠᠭᠤᠨ ᠣᠷᠣᠨ ᠳᠤ ᠣᠴᠢᠵᠤ ᠂ ᠬᠥᠳᠡᠭᠡ ᠲᠣᠰᠬᠤᠨ ᠳᠤ ᠣᠴᠢᠵᠤ ᠂ ᠦᠨᠳᠦᠰᠦᠨ | ᠱᠠᠲᠤᠨ ᠳᠤ ᠣᠴᠢᠵᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠵᠠᠮ ᠢ ᠰᠣᠩᠭᠤᠵᠤ ᠂ ᠬᠠᠷᠠᠮ ᠦᠭᠡᠢ ᠵᠣᠷᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠵᠠᠯᠠᠭᠤᠴᠤᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠤᠯᠤᠰ ᠢᠶᠠᠨ ᠬᠦᠴᠦᠷᠬᠡᠭᠵᠢᠭᠦᠯᠬᠦ ᠳᠤ | ᠮᠢᠨᠤ ᠬᠠᠷᠢᠭᠤᠴᠠᠯᠭ᠎ᠠ ᠡᠭᠦᠷᠭᠡᠯᠡᠯ ᠪᠠᠶᠢᠬᠤ ᠶᠢ ᠢᠯᠡᠷᠡᠭᠦᠯᠪᠡ ᠃ ᠥᠷᠭᠡᠨ ᠣᠯᠠᠨ ᠵᠠᠯᠠᠭᠤᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠡᠬᠡ | ᠤᠯᠤᠰ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ ᠂ ᠡᠬᠡ ᠤᠯᠤᠰ ᠪᠣᠯᠣᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠰᠢᠶ᠋ᠸᠶ᠋ᠢᠲ᠋ᠧ ᠪᠠᠭ᠎ᠠ ᠰᠤᠷᠭᠠᠭᠤᠯᠢ ᠪᠣᠯ ᠬᠢᠯᠢ ᠶᠢᠨ ᠱᠤᠭᠤᠮ ᠠᠴᠠ 47 ᠺᠢᠯᠣᠮᠧᠳ᠋ᠷ ᠵᠠᠶᠢᠲᠠᠢ ᠂ ᠭᠤᠣᠯᠳᠠᠭᠤ ᠭᠢᠷᠭᠢᠰ | ᠦᠨᠳᠦᠰᠦᠲᠡᠨ ᠤ ᠰᠤᠷᠤᠬᠴᠢᠳ ᠢᠶᠠᠷ ᠪᠦᠷᠢᠯᠳᠦᠭᠰᠡᠨ ᠲᠣᠰᠬᠤᠨ ᠤ ᠲᠠᠰ ᠤᠨ ᠪᠠᠭ᠎ᠠ ᠰᠤᠷᠭᠠᠭᠤᠯᠢ ᠪᠠᠶᠢᠵᠤ ᠂ 2022 ᠣᠨ ᠤ 8 ᠰᠠᠷ᠎ᠠ ᠳᠤ ᠺᠢᠽᠢᠯᠰᠦ᠋ ᠵᠧᠦ ᠶᠢᠨ | ᠠᠩᠬᠠᠳᠠᠭᠴᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠠᠴᠠ ᠰᠤᠷᠭᠠᠭᠤᠯᠢ ᠶᠢ ᠳᠠᠭᠠᠭᠠᠴᠢᠯᠠᠨ ᠰᠤᠷᠭᠠᠨ ᠬᠥᠮᠦᠵᠢᠯ ᠢ ᠳᠡᠮᠵᠢᠬᠦ ᠲᠤᠷᠰᠢᠯᠲᠠ ᠶᠢᠨ | ᠰᠤᠷᠭᠠᠭᠤᠯᠢ ᠪᠣᠯᠵᠠᠢ ᠃ ᠣᠶᠢᠷ᠎ᠠ ᠳᠤ ᠂ ᠰᠢᠶ᠋ᠸᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ | ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠤᠨ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠳᠤ | ᠵᠠᠬᠢᠳᠠᠯ ᠪᠢᠴᠢᠵᠦ ᠂ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠭᠰᠡᠨ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ ᠂ ᠪᠠᠷᠠᠭᠤᠨ | ᠣᠷᠣᠨ ᠳᠤ ᠦᠨᠳᠦᠰᠦᠯᠡᠵᠦ ᠂ ᠬᠢᠯᠢ ᠬᠢᠵᠠᠭᠠᠷ ᠣᠷᠣᠨ ᠳᠤ ᠦᠢᠯᠡᠴᠢᠯᠡᠬᠦ ᠵᠣᠷᠢᠭ ᠢᠶᠠᠨ ᠢᠯᠡᠳᠬᠡᠵᠡᠢ ᠃ | | |