| ᠯᠢ ᠴᠢᠶᠠᠩ ᠼᠠᠢ ᠴᠢ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠤᠨ᠎ᠠ ᠱᠠᠩᠬᠠᠢ ᠳᠤ ᠭᠡᠰᠡᠭ ᠮᠤᠵᠢ ᠣᠷᠣᠨ ᠬᠤᠳᠠ ᠶᠢᠨ ︽ ᠠᠷᠪᠠᠨ ᠲᠠᠪᠤᠳᠤᠭᠠᠷ ᠲᠠᠪᠤᠨ ᠵᠢᠯ ︾ | ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ | ᠴᠢᠬᠤᠯᠠ ᠶᠠᠷᠢᠶ᠎ᠠ ᠲᠠᠯᠪᠢᠵᠠᠢ ᠃ ᠲᠡᠷᠡ ᠂ ᠡᠨᠡ ᠵᠢᠯ ᠪᠣᠯ ︽ ᠠᠷᠪᠡᠨ ᠳᠥᠷᠪᠡᠳᠦᠭᠡᠷ ᠲᠠᠪᠤᠨ ᠵᠢᠯ ︾ ᠤᠨ ᠲᠦᠯᠤᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ ᠂ | ᠲᠦᠯᠤᠪᠵᠢᠭᠦᠯᠭᠡ ᠶᠢᠨ ᠬᠠᠷᠠᠯᠲᠠ ᠡᠭᠦᠷᠭᠡ ᠶᠢ ᠱᠠᠯᠠᠪᠳᠡᠨ ᠨᠡᠶᠢᠲᠡᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ ᠂ ᠪᠠᠶᠢᠯᠳᠤᠬᠤ | ᠪᠤᠳᠤᠯᠭ᠎ᠠ ᠶᠢᠨ ᠭᠤᠣᠯᠳᠠᠯᠭ᠎ᠠ ᠶᠢ ᠡᠵᠡᠮᠳᠠᠵᠤ ᠂ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ ᠲᠦᠯᠥᠪᠯᠡᠬᠦ ᠬᠡᠷᠡᠭᠳᠡᠢ ᠭᠡᠵᠦ ᠴᠢᠬᠤᠯᠠᠴᠢᠯᠡᠪᠠ ᠃ | | 4 ᠰᠠᠷ᠎ᠠ ᠶᠢᠨ 30 ᠤ ᠦᠳᠡ ᠶᠢᠨ ᠡᠮᠤᠨ᠎ᠡ ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠰᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠤᠷᠣᠨ ᠬᠤᠳᠠ ᠶᠢᠨ ︽ ᠠᠷᠪᠠᠨ | ᠲᠠᠪᠤᠳᠤᠭᠠᠷ ᠲᠠᠪᠤᠨ ᠵᠢᠯ ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠠ ᠶᠢ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ ᠃ | ᠰᠢᠠᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠤᠷᠤᠯᠴᠠᠪᠠ ᠃ | ᠶᠠᠷᠢᠯᠴᠠᠬᠤ ᠬᠤᠷᠠᠯ ᠳᠡᠭᠡᠷ᠎ᠡ ᠂ ᠥᠪᠣᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠶᠢᠨ ᠰᠦᠵᠢ ᠰᠦᠨ ᠱᠤᠤ ᠴᠧᠩ ᠂ ᠱᠠᠩᠬᠠᠢ | ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠶ ᠨᠢᠩ ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ ᠂ ᠬᠤᠪᠧᠢ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠵᠦᠩ ᠯᠢᠨ ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ ᠂ ᠰᠧᠴᠤᠸᠠᠨ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤ᠋ ᠴᠠᠩ ᠱᠧᠩ ᠤᠷᠢᠳ ᠬᠤᠵᠢᠳ ᠦᠭᠡ ᠬᠡᠯᠡᠵᠤ ᠂ | ᠠᠵᠢᠯ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ︽ ᠠᠷᠪᠠᠨ ᠲᠠᠪᠤᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ ᠃ | ᠤᠯᠠᠨ ᠤ ᠬᠡᠯᠡᠬᠦ ᠶᠢ ᠰᠤᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠲᠠᠪᠤᠨ ᠵᠢᠯ ᠤᠨ ᠲᠦᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ | ᠪᠣᠯᠬᠤ ᠪᠥᠭᠡᠳ ᠲᠤᠮᠳᠠᠲᠤ ᠣᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ ᠃ ︽ ᠠᠷᠪᠡᠨ | ᠲᠠᠪᠤᠳᠤᠭᠠᠷ ᠲᠠᠪᠤᠨ ᠵᠢᠯ ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠣᠬᠠᠭᠠᠯᠠᠨ ᠲᠦᠯᠥᠪᠯᠡᠬᠦ ᠳᠤ ᠡᠷᠭᠡᠪᠰᠢ | ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠲᠠᠵᠤ ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠤᠲᠠᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠤ ᠂ | ᠨᠡᠶᠢᠭᠡᠮ ᠵᠢᠷᠣᠮᠲᠤ ᠤᠳᠣᠬᠢᠴᠢᠯᠡᠯᠲᠠ ᠶᠢᠨ ᠬᠠᠷᠠᠯᠲᠠ ᠶᠢ ᠦᠨᠳᠦᠰᠤᠨ ᠳᠡᠭᠡᠨ ᠪᠠᠶᠠᠯᠡᠭᠦᠯᠭᠦ ᠲᠠᠢ ᠨᠢᠭᠲᠠ ᠤᠶᠠᠯᠳᠤᠭᠤᠯᠤᠨ ᠂ ᠬᠦᠷᠢᠶ᠎ᠡ ᠴᠠᠷᠠᠭ᠎ᠠ ᠲᠠᠷᠠᠭᠠᠯᠠᠨ ᠬᠠᠷᠠᠯᠲᠠ | ᠡᠭᠦᠷᠭᠡ ᠶᠢ ᠵᠦᠢ ᠵᠣᠬᠢᠰᠲᠡᠢ ᠲᠣᠭᠳᠠᠭᠠᠵᠤ ᠂ ᠰᠠᠳᠬᠢᠮᠵᠢ ᠠᠷᠭ᠎ᠠ ᠬᠡᠮᠵᠢᠶ᠎ᠡ ᠳᠤᠷᠠᠳᠬᠤ ᠬᠡᠷᠡᠭᠳᠡᠢ ᠃ ᠡᠯ᠎ᠡ ᠲᠠᠯ᠎ᠡ ᠶᠢᠨ ᠬᠠᠷᠠᠯᠲᠠ ᠡᠭᠦᠷᠭᠡ ᠶᠢ ᠬᠦᠨᠵᠡᠭᠡᠢ ᠵᠠᠳᠠᠯᠤᠨ | ᠨᠤᠳᠠᠯᠠᠵᠤ ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ ᠃ | ᠨᠢᠭᠡᠲᠤᠯᠲᠡᠢ ᠲᠦᠯᠤᠪᠵᠢᠭᠦᠯᠣᠨ ᠤᠬᠠᠭᠠᠯᠠᠨ ᠲᠦᠯᠤᠪᠯᠡᠵᠤ ᠂ ᠵᠠᠩᠬᠢᠯᠠᠭ᠎ᠠ ᠶᠢᠨ ᠴᠢᠨᠠᠷᠲᠠᠢ ᠂ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ ᠂ ᠡᠷᠴᠢᠮ | ᠪᠣᠯᠣᠨ ᠠᠬᠢᠴᠡ ᠶᠢ ᠰᠠᠶᠢᠳᠤᠷ ᠡᠵᠡᠮᠳᠠᠵᠤ ᠂ ᠳᠠᠪᠠᠭᠤᠯᠢᠭ ᠢᠶᠠᠨ ᠪᠠᠬᠢᠵᠢᠭᠦᠯᠦᠨ ᠦᠷᠭᠡᠳᠭᠡᠬᠦ ᠂ ᠪᠤᠭᠤᠮᠢ ᠲᠦᠭᠵᠢᠷᠡᠯ ᠢ ᠰᠢᠪᠳᠤᠯᠬᠤ ᠂ ᠳᠤᠳᠠᠭᠤᠳᠠᠯ ᠪᠠᠭᠤᠷᠠᠢ | ᠲᠠᠯ᠎ᠠ ᠪᠠᠨ ᠨᠦᠭᠦᠪᠦᠷᠢᠯᠡᠬᠦ ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠡᠴᠢᠯᠡᠵᠤ ᠂ ᠪᠦᠬᠦᠯᠢ ᠴᠤᠭᠴᠠ ᠶᠢᠨ ᠬᠠᠷᠠᠯᠲᠠ ᠶᠢᠨ ᠴᠢᠭᠯᠡᠯ ᠲᠠᠢ | ᠨᠢᠭᠡᠲᠤᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ ᠃ | ᠰᠢ ᠶᠢᠨ ᠫᠢᠩ ᠂ ︽ ᠠᠷᠪᠠᠨ ᠳᠠᠪᠤᠳᠤᠭᠠᠷ ᠲᠠᠪᠤᠨ ᠵᠢᠯ ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠳ ᠬᠥᠭᠵᠢᠯᠲᠡ ᠶᠢ | ᠲᠦᠯᠤᠪᠵᠢᠭᠦᠯᠬᠦ ᠳᠤ ᠂ ᠳᠡᠯᠡᠭᠡᠢ ᠶᠢᠨ ᠪᠠᠶᠢᠳᠠᠯ ᠤᠨ ᠬᠥᠭᠵᠢᠯᠲᠠ ᠬᠤᠪᠢᠷᠡᠯᠲᠠ ᠠᠴᠠ ᠮᠠᠨ ᠤ ᠤᠯᠤᠰ ᠲᠤ ᠦᠵᠡᠭᠦᠯᠭᠦ ᠨᠦᠯᠥᠭᠡ ᠶᠢ ᠪᠠᠷᠡᠯᠡᠯᠲᠤ ᠴᠢᠨᠡᠷᠲᠠᠢ ᠪᠠᠷ | ᠡᠵᠡᠮᠳᠠᠵᠤ ᠂ ᠬᠠᠨᠲᠤᠰᠢ ᠶᠢ ᠦᠨᠳᠤᠰᠤᠯᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠠᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ ᠃ | ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ ᠂ ᠦᠨᠳᠤᠷ ᠲᠦᠪᠰᠢᠨ ᠪᠦᠭᠦᠢ ᠭᠠᠲᠠᠭᠠᠲᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ ᠂ | ᠣᠯᠠᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠳᠠᠪᠤᠷᠢᠵᠢᠭᠤᠯᠵᠤ ᠂ ᠠᠵᠤ ᠠᠬᠤᠶᠢᠯᠠᠯ ᠢ ᠲᠣᠭᠳᠠᠪᠤᠷᠢᠵᠢᠭᠤᠯᠵᠤ ᠂ ᠵᠠᠬ᠎ᠠ ᠲᠡᠯᠭᠡᠭᠦᠷ ᠢ | ᠲᠣᠭᠳᠠᠪᠤᠷᠢᠵᠢᠭᠤᠯᠵᠤ ᠂ ᠵᠢᠱᠢᠯᠲᠠ ᠶᠢ ᠲᠣᠭᠳᠠᠪᠤᠷᠢᠵᠢᠭᠤᠯᠵᠤ ᠂ ᠠᠵᠤ ᠠᠬᠤᠢ ᠶᠢᠨ ᠦᠨᠳᠤᠰᠤᠨ ᠪᠠᠶᠢᠳᠠᠯ ᠢ ᠪᠦᠲᠦᠮᠵᠢᠲᠠᠢ ᠲᠣᠭᠳᠠᠪᠤᠷᠢᠵᠢᠭᠤᠯᠵᠤ ᠂ ᠰᠢᠨ᠎ᠡ | ᠬᠥᠭᠵᠢᠯᠲᠠ ᠶᠢᠨ ᠪᠠᠶᠢᠷᠢᠰᠢᠯ ᠢ ᠲᠦᠷᠭᠡᠭᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ ᠃ ᠬᠦᠭᠵᠢᠯᠲᠡ ᠪᠠ ᠠᠮᠤᠷ | ᠲᠥᠪᠰᠢᠨ ᠢ ᠨᠢᠭᠡᠲᠤᠯᠲᠠᠢ ᠲᠦᠯᠥᠪᠵᠢᠭᠦᠯᠬᠦ ᠶᠢ ᠨᠡᠩ ᠴᠢᠬᠤᠯᠠᠴᠢᠯᠠᠵᠤ ᠂ ᠲᠤᠳᠤᠭᠠᠲᠤ ᠭᠠᠲᠠᠭᠠᠲᠤ ᠶᠢᠨ ᠠᠶᠤᠯ ᠲᠦᠭᠰᠢᠭᠦᠷᠢ ᠦᠷᠢᠰᠦᠯᠳᠦᠭᠡᠨ ᠢ ᠪᠦᠬᠦ ᠲᠠᠯ᠎ᠠ ᠪᠠᠷ | ᠪᠤᠳᠦᠯᠭᠢᠯᠡᠵᠦ ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ ᠂ ᠠᠮᠤᠷ ᠲᠦᠪᠰᠢᠨ ᠢ ᠬᠠᠮᠠᠭᠠᠯᠠᠬᠤ ᠴᠢᠳᠡᠪᠤᠷᠢ ᠶᠢ ᠴᠢᠩᠭᠠᠳᠬᠠᠵᠤ ᠂ ᠦᠨᠳᠣᠷ | ᠪᠦᠳᠦᠮᠵᠢᠲᠡᠢ ᠵᠠᠰᠠᠯᠲᠡ ᠪᠠᠷ ᠴᠢᠨᠠᠷ ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠪᠦᠬᠦᠶ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ ᠂ ᠰᠢᠨ᠎ᠡ | ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠳᠡᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ︽ ᠠᠷᠪᠠᠨ ᠳᠠᠪᠤᠳᠤᠭᠠᠷ ᠲᠠᠪᠤᠨ ᠵᠢᠯ ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠤ ᠂ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠣᠢᠯᠡᠳᠪᠤᠷᠢᠯᠡᠯ ᠤᠨ ᠬᠦᠴᠤᠨ ᠢ ᠬᠦᠭᠵᠢᠭᠦᠯᠬᠦ ᠶᠢ ᠨᠡᠩ ᠳᠣᠪᠤᠶᠢᠮ᠎ᠡ ᠪᠠᠶᠢᠯᠳᠤᠬᠤ ᠪᠣᠳᠤᠯᠭ᠎ᠠ ᠶᠢᠨ ᠪᠠᠶᠢᠷᠢᠨ ᠳᠤ ᠲᠠᠯᠪᠢᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠣᠯᠭᠠᠵᠤ ᠂ ᠪᠤᠳᠠᠲᠤ ᠴᠤᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠠᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠂ ᠰᠢᠨ᠎ᠡ ᠪᠠᠷ ᠮᠠᠨᠳᠤᠭᠰᠡᠨ ᠠᠵᠤ ᠦᠢᠯᠡᠰ ᠢ | ᠢᠳᠡᠪᠬᠢᠲᠡᠢ ᠬᠦᠭᠵᠢᠭᠦᠯᠭᠦ ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ ᠂ ᠣᠳᠣᠬᠢᠴᠢᠯᠠᠭᠰᠠᠨ ᠠᠵᠤ ᠣᠶᠢᠯᠡᠰ ᠤᠨ | ᠰᠢᠰᠲ᠋ᠧᠮ ᠢ ᠲᠦᠷᠭᠡᠭᠡᠨ ᠪᠠᠶᠢᠭᠤᠯᠬᠤ ᠬᠡᠷᠡᠭᠳᠡᠢ ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ ᠂ ᠡᠯ᠎ᠡ ᠲᠦᠷᠤᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠥᠭᠵᠢᠭᠡᠵᠦ ᠂ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ | ᠬᠠᠨᠳᠤᠭᠤᠯᠵᠤ ᠂ ᠰᠠᠭᠤᠷᠢ ᠰᠤᠳᠤᠯᠭᠠᠨ ᠢ ᠴᠢᠩᠭᠠᠳᠬᠠᠬᠤ ᠂ ᠤᠤᠭᠠᠯ ᠡᠭᠦᠳᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠤ ᠂ | ᠵᠠᠩᠬᠢᠯᠠᠭ᠎ᠠ ᠶᠢᠨ ᠭᠤᠣᠯᠯᠠᠬᠤ ᠮᠡᠷᠭᠡᠵᠢᠯ ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠦᠯᠬᠤ ᠬᠡᠷᠡᠭᠲᠡᠢ ᠃ ᠰᠤᠷᠭᠠᠨ | ᠬᠦᠮᠤᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠨᠢᠭᠡᠳᠦᠯᠲᠡᠢ ᠲᠦᠯᠥᠪᠵᠢᠭᠦᠯᠣᠨ ᠠᠬᠢᠭᠤᠯᠵᠤ ᠂ | ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠤ ᠬᠥᠭᠵᠢᠯᠲᠡ ᠶᠢᠨ ᠰᠠᠭᠤᠷᠢ ᠴᠢᠨᠡᠷᠲᠡᠢ ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ | ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠡᠪᠠ ᠃ | ᠰᠢ ᠶᠢᠨ ᠫᠢᠩ ᠂ ᠳᠤᠮᠳᠠᠲᠤ ᠣᠯᠤᠰ ᠤᠨ ᠮᠠᠶ᠋ᠢᠭ ᠤᠨ ᠤᠳᠣᠬᠢᠴᠢᠯᠠᠯᠲᠠ ᠪᠣᠯ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ | ᠤᠳᠤᠬᠢᠴᠢᠯᠠᠯᠲᠠ ᠮᠥᠨ ᠃ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠲᠡ ᠶᠢ | ᠲᠦᠯᠥᠪᠵᠢᠭᠦᠯᠬᠦ ᠳᠤ ᠤᠭ ᠰᠠᠨᠠᠭ᠎ᠠ ᠪᠠᠨ ᠦᠯᠤ ᠮᠠᠷᠲᠠᠨ ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠤᠨ ᠦᠷᠳᠡᠭ ᠤᠳ ᠬᠠᠨᠳᠦᠰᠢ ᠪᠣᠯᠭᠠᠵᠤ ᠂ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠨ ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ ᠃ | ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠠ ᠶᠢ ᠠᠬᠢᠭᠤᠯᠬᠤ ᠪᠠ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠤᠨ | ᠮᠠᠨᠳᠤᠭᠤᠯᠬᠤ ᠪᠠ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠂ ᠬᠦᠳᠡᠭᠡ ᠠᠵᠤ ᠠᠬᠤᠢ ᠬᠦᠳᠡᠭᠡ ᠲᠣᠰᠬᠤᠨ ᠤ ᠤᠲᠣᠬᠢᠴᠢᠯᠡᠯᠲᠠ ᠶᠢ | ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ ᠬᠦᠨᠵᠡᠭᠡᠢ ᠰᠤᠳᠤᠯᠵᠤ ᠂ ᠬᠤᠳᠠ ᠬᠦᠳᠡᠭᠡ ᠶᠢᠨ ᠤᠯᠠᠨ ᠲᠦᠮᠡᠨ ᠤ ᠤᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠃ ᠨᠢᠭᠡ ᠪᠦᠯᠦᠭ ᠲᠠᠩᠴᠡᠭᠦᠷᠢᠳᠤ ᠴᠢᠨᠠᠷ ᠪᠣᠯᠣᠮᠵᠢᠳᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ | ᠪᠣᠳᠣᠯᠭ᠎ᠠ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠬᠦᠴᠦᠯᠠᠨ | ᠰᠢᠢᠳᠪᠦᠷᠢᠯᠡᠬᠦ ᠬᠡᠷᠡᠭᠲᠡᠢ ᠃ ᠣᠯᠠᠨ ᠲᠦᠮᠡᠨ ᠳᠤ ᠬᠤᠯᠪᠣᠭᠳᠠᠬᠤ ᠣᠴᠢᠷ ᠶᠠᠪᠤᠳᠠᠯ ᠤᠨ ᠵᠠᠩᠬᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ ᠂ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠦᠨᠡᠨ ᠪᠤᠳᠠᠲᠠᠢ ᠂ ᠪᠤᠳᠠᠲᠤ ᠦᠷ᠎ᠡ ᠪᠦᠲᠦᠮᠵᠢ ᠲᠠᠢ ᠪᠠᠶᠢᠵᠤ ᠂ ᠴᠢᠳᠠᠯ ᠢᠶᠠᠷ ᠢᠶᠠᠨ ᠴᠢᠷᠮᠠᠶᠢᠬᠤ ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ ᠃ | ᠰᠢ ᠶᠢᠨ ᠫᠢᠩ ᠂ ᠡᠯ᠎ᠡ ᠭᠠᠵᠠᠷ ᠣᠷᠣᠨ ︽ ᠠᠷᠪᠠᠨ ᠳᠠᠪᠤᠳᠤᠭᠠᠷ ᠲᠠᠪᠤᠨ ᠵᠢᠯ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠦᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠤ ᠂ ᠲᠦᠯᠤᠪᠵᠢᠭᠦᠯᠭᠡ ᠶᠢ | ᠵᠤᠯᠭᠠᠭᠤᠯᠬᠤ ᠶᠢ ᠴᠢᠩᠭᠠᠳᠬᠠᠬᠤ ᠬᠡᠷᠡᠭᠲᠡᠢ ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠵᠤ ᠂ ᠬᠦᠭᠵᠢᠯᠲᠠ ᠶᠢᠨ ᠰᠡᠳᠬᠢᠮᠵᠢ ᠪᠠ ᠪᠠᠶᠢᠯᠳᠤᠬᠤ ᠪᠣᠳᠤᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠳᠠᠭᠠᠨ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠬᠦ ᠶᠢ ᠴᠢᠬᠤᠯᠠᠴᠢᠯᠡᠵᠤ ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ ᠃ | ᠾᠧ ᠯᠢ ᠹᠧᠩ ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠣᠭᠳᠠᠯ ᠪᠦᠭᠦᠢ ᠰᠠᠯᠠᠭ᠎ᠠ | ᠮᠥᠴᠢᠷ ᠂ ᠬᠤᠯᠪᠣᠭᠳᠠᠯ ᠪᠦᠬᠦᠢ ᠮᠤᠵᠢ ᠤᠷᠣᠨ ᠬᠤᠳᠠ ᠶᠢᠨ ᠬᠠᠷᠢᠭᠤᠴᠠᠯᠭᠠᠲᠠᠨ ᠨᠦᠭᠦᠳ ᠶᠠᠷᠢᠯᠴᠠᠬᠤ ᠬᠤᠷᠠᠯ ᠳᠤ ᠣᠷᠤᠯᠴᠠᠪᠠ ᠃ | | |