| ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ | 4 ᠰᠠᠷ᠎ᠠ ᠶᠢᠨ 29 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ | ᠠᠭᠤᠯᠵᠠᠪᠠ ᠃ | | 4 ᠰᠠᠷ᠎ᠠ ᠶᠢᠨ 29 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ ᠠᠭᠤᠯᠵᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠢ ᠬᠦᠷᠬᠦ ᠦᠶ᠎ᠡ ᠳᠤ ᠂ ᠯᠦᠸᠧᠰᠠᠶᠢᠹᠦ᠋ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ 4 ᠳᠡᠳ᠋ ᠳᠠᠷᠤᠭ᠎ᠠ ᠵᠢᠴᠢ ᠠᠵᠢᠯᠲᠠᠳ ᠢᠶᠠᠨ | ᠳᠠᠭᠠᠭᠤᠯᠤᠨ ᠬᠠᠯᠠᠭᠤᠨ ᠢᠶᠠᠷ ᠤᠭᠲᠤᠪᠠ ᠃ | ᠰᠢ ᠶᠢᠨ ᠫᠢᠩ ᠯᠦᠸᠧᠰᠠᠶᠢᠹᠦ᠋ ᠶᠢᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ ᠃ | ᠰᠢ ᠶᠢᠨ ᠫᠢᠩ ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ | ᠤᠯᠤᠰ ᠤᠨ ᠡᠭᠦᠳᠦᠨ ᠪᠠᠶᠢᠭᠤᠯᠤᠭᠰᠠᠨ ᠪᠥᠭᠡᠳ ᠭᠤᠣᠯᠯᠠᠨ ᠤᠳᠤᠷᠢᠳᠤᠭᠰᠠᠨ ᠠᠩᠬᠠᠳᠠᠭᠴᠢ ᠤᠯᠠᠨ ᠲᠠᠯᠠᠲᠤ ᠨᠡᠭᠡᠭᠡᠨ ᠬᠥᠭᠵᠢᠭᠦᠯᠦᠯᠲᠡ ᠶᠢᠨ ᠪᠠᠶᠢᠭᠤᠯᠤᠮᠵᠢ | ᠪᠣᠯᠣᠨ᠎ᠠ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠡᠭᠦᠳᠦᠯᠲᠡ ᠪᠣᠯᠣᠨ᠎ᠠ ᠂ ᠪᠦᠭᠦ | ᠪᠥᠮᠪᠥᠷᠴᠡᠭ ᠤᠨ ᠵᠠᠰᠠᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠡᠦᠬᠡ ᠶᠢᠨ ᠤᠷᠤᠰᠬᠠᠯ ᠳᠤ ᠵᠣᠬᠢᠴᠠᠵᠤ ᠂ ᠤᠯᠠᠨ ᠤᠯᠤᠰ ᠤᠨ ᠮᠥᠩᠭᠦᠨ ᠭᠦᠢᠯᠭᠡᠭᠡᠨ ᠤ | ᠰᠢᠰᠲ᠋ᠧᠮ ᠳᠠᠬᠢ ᠰᠢᠨ᠎ᠡ ᠪᠠᠷ ᠮᠠᠨᠳᠤᠭᠰᠠᠨ ᠬᠦᠴᠦᠨ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠠᠯᠳᠠᠨ ᠦᠰᠦᠭᠲᠦ | ᠫᠠᠶᠢᠰᠠ ᠪᠣᠯᠵᠤ ᠪᠤᠶᠢᠵᠢᠵᠠᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ︽ ᠲᠣᠮᠣ ᠠᠯᠲᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ︾ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠪᠠ ᠂ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠴᠤ ᠴᠢᠨᠠᠷ ᠰᠠᠶᠢᠲᠠᠢ ᠬᠥᠭᠵᠢᠯᠲᠡ ᠶᠢᠨ ᠬᠤᠶᠠᠳᠠᠭᠢ ︽ ᠰᠢᠵᠢᠷ ᠠᠯᠲᠠᠨ ᠠᠷᠪᠠᠨ ᠵᠢᠯ ︾ ᠢ ᠡᠬᠢᠯᠡᠭᠦᠯᠬᠦ ᠬᠡᠷᠡᠭᠲᠡᠢ ᠃ | ᠤᠭ ᠰᠠᠨᠠᠭ᠎ᠠ ᠪᠠᠨ ᠦᠢᠯᠡᠳᠦᠯᠭᠡᠵᠢᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ ᠂ | ᠨᠡᠩ ᠤᠯᠠᠨ ᠴᠢᠨᠠᠷ ᠰᠠᠶᠢᠲᠠᠢ ᠂ ᠥᠪᠡᠷ ᠤᠨ ᠦᠷᠳᠡᠭ ᠢᠶᠠᠷ ᠳᠣᠣᠷ᠎ᠠ ᠂ ᠦᠷᠭᠦᠯᠵᠢᠯᠡᠬᠦ ᠰᠠᠭᠤᠷᠢ ᠲᠥᠬᠦᠭᠡᠷᠦᠮᠵᠢ ᠶᠢᠨ ᠪᠡᠯᠡ ᠬᠤᠷᠠᠮᠳᠤᠭᠤᠯᠭ᠎ᠠ ᠶᠢ ᠬᠠᠩᠭᠠᠬᠤ | ᠭᠡᠷᠡᠭᠲᠡᠢ ︔ ᠳᠣᠲᠣᠷ ᠲᠠᠮᠢᠷ ᠢᠶᠠᠨ ᠰᠠᠶᠢᠲᠤᠷ ᠪᠤᠯᠪᠠᠰᠤᠷᠠᠭᠤᠯᠵᠤ ᠂ ᠬᠠᠮᠢᠶᠠᠷᠤᠯᠲᠠ ᠪᠠ ᠡᠵᠡᠩᠨᠡᠯᠲᠡ ᠪᠠᠨ ᠲᠡᠭᠦᠯᠳᠡᠷᠵᠢᠭᠦᠯᠵᠦ ᠂ ᠨᠡᠩ ᠤᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠲᠦᠷᠦᠯ ᠵᠦᠢᠯ ᠢ ᠬᠡᠷᠡᠭᠵᠢᠭᠦᠯᠵᠦ ᠂ ᠬᠥᠭᠵᠢᠵᠦ ᠪᠠᠶᠢᠭ᠎ᠠ | ᠤᠯᠤᠰ ᠤᠳ ᠤᠨ ᠲᠤᠭᠠᠴᠢᠯᠠᠯᠳᠠ ᠶᠢᠨ ᠵᠥᠷᠢᠶ᠎ᠡ ᠶᠢ ᠠᠷᠢᠯᠭᠠᠬᠤ ᠳᠤ ᠬᠦᠴᠦ ᠨᠡᠮᠡᠷᠢᠯᠡᠵᠦ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠭᠡᠷᠡᠭᠲᠡᠢ ︔ ᠵᠠᠮ ᠨᠡᠭᠡᠭᠡᠨ ᠤᠷᠤᠭᠰᠢᠯᠠᠵᠤ ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠦᠲᠦᠴᠡ ᠶᠢᠨ | ᠥᠭᠡᠷᠡᠴᠢᠯᠡᠯᠲᠡ ᠶᠢᠨ ᠶᠠᠷᠢᠯᠴᠠᠭ᠎ᠠ ᠳᠤᠮᠳᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠳᠠᠭᠤᠨ ᠢ ᠲᠣᠮᠣᠷᠠᠭᠤᠯᠵᠤ ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢ ᠳᠡᠮᠵᠢᠬᠦ ᠬᠡᠷᠡᠭᠲᠡᠢ ᠃ ᠳᠤᠮᠳᠠᠳᠤ ᠶᠢᠨ ᠲᠠᠯ᠎ᠠ ᠶᠢᠨ ᠬᠢᠨ ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ ᠂ | ᠥᠩᠭᠡᠷᠡᠭᠰᠡᠨ ᠲᠠᠢ ᠪᠠᠨ ᠠᠳᠠᠯᠢ ᠪᠠᠷ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠡᠵᠡᠩᠨᠡᠯᠲᠡ ᠬᠥᠭᠵᠢᠯᠲᠡ ᠶᠢ ᠲᠡᠮᠵᠢᠵᠤ ᠂ ᠳᠤᠷᠠᠲᠠᠶ᠎ᠠ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠪᠣᠬᠢᠷᠳᠤᠯ ᠦᠭᠡᠢ ᠂ ᠰᠢᠨ᠎ᠡ ᠶᠢ ᠡᠭᠦᠳᠬᠦ ᠂ ᠦᠷᠭᠦᠯᠵᠢᠯᠡᠬᠦ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠤᠨ᠎ᠠ ︔ ᠳᠤᠷᠠᠲᠠᠶ᠎ᠠ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠪᠠᠷ ᠳᠠᠮᠵᠢᠭᠤᠯᠤᠨ ᠪᠤᠰᠤᠳ ᠪᠦᠷᠢᠯᠳᠦᠭᠦᠨ ᠤᠯᠤᠰ ᠲᠠᠢ ᠬᠥᠭᠵᠢᠯᠲᠡ ᠶᠢᠨ ᠲᠤᠷᠰᠢᠯᠭ᠎ᠠ ᠪᠠᠨ ᠬᠤᠪᠢᠶᠠᠯᠴᠠᠵᠤ ᠂ ᠤᠯᠠᠨ ᠤᠯᠤᠰ ᠤᠨ | ᠤᠯᠠᠨ ᠨᠡᠶᠢᠲᠡ ᠶᠢᠨ ᠦᠢᠯᠡᠳᠬᠦᠨ ᠢ ᠨᠡᠩ ᠤᠯᠠᠨ ᠬᠠᠩᠭᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠪᠦᠯᠭᠦᠮ ᠴᠣᠭᠴᠠ ᠶᠢᠨ ᠴᠢᠨᠠᠷᠲᠠᠢ ᠪᠠᠷ ᠬᠥᠭᠵᠢᠨ ᠮᠠᠨᠳᠤᠬᠤ ᠨᠢ ᠳᠡᠯᠡᠬᠡᠢ ᠶᠢᠨ | ᠡᠩᠬᠡ ᠲᠠᠶᠢᠪᠤᠩ ᠢ ᠬᠠᠮᠠᠭᠠᠯᠠᠬᠤ ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠴᠢᠬᠤᠯᠠ ᠬᠦᠴᠦᠨ | ᠪᠣᠯᠤᠭᠰᠠᠨ ᠪᠠᠶᠢᠨ᠎ᠠ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠶᠡᠭᠡ ᠴᠢᠭᠯᠡᠯ ᠬᠤᠪᠢᠷᠠᠬᠤ | ᠦᠭᠡᠢ ᠶᠤᠮ ᠃ ᠳᠤᠮᠳᠠᠳᠤ ᠤᠯᠤᠰ ᠤᠨ ᠬᠥᠭᠵᠢᠯᠲᠡ ᠪᠣᠯ ᠥᠪᠡᠷ ᠤᠨ ᠬᠦᠴᠦ ᠪᠠᠷ ᠢᠶᠠᠨ ᠳᠡᠭᠵᠢᠷᠡᠵᠦ ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠳᠤ | ᠲᠦᠰᠢᠭᠯᠡᠨ᠎ᠡ ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠪᠠ ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ ᠭᠡᠵᠦ ᠵᠢᠭᠠᠵᠤ | ᠭᠠᠷᠭᠠᠪᠠ ᠃ | ᠯᠦᠸᠧᠰᠠᠶᠢᠹᠦ᠋ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠥᠭᠵᠢᠨ ᠪᠤᠵᠠᠭᠠᠶᠢᠷᠠᠬᠤ ᠳᠤ | ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠶᠡᠷᠦ | ᠪᠤᠰᠤ ᠶᠢᠨ ᠬᠥᠭᠵᠢᠯᠲᠡ ᠶᠢᠨ ᠠᠮᠵᠢᠯᠲᠠ ᠣᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠲᠡᠮᠡᠦᠯᠦᠯ ᠢ ᠯᠠᠪᠲᠠᠢ ᠪᠡᠶᠡᠯᠡᠭᠦᠯᠵᠦ ᠴᠢᠳᠠᠨ᠎ᠠ ᠭᠡᠵᠦ ᠢᠯᠡᠳᠬᠡᠪᠡ ᠃ ᠲᠡᠷᠡ ᠂ ᠣᠳᠣᠬᠠᠨ ᠤ | ᠬᠤᠪᠢᠰᠤᠯᠲᠠ ᠶᠡᠬᠡᠲᠡᠢ ᠳᠡᠯᠡᠬᠡᠢ ᠶᠢᠨ ᠪᠠᠶᠢᠳᠠᠯ ᠳᠣᠣᠷ᠎ᠠ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ | ᠠᠰᠢᠭ ᠲᠤᠰᠠ ᠶᠢ ᠡᠷᠡᠰ ᠬᠠᠮᠠᠭᠠᠯᠠᠵᠤ ᠂ ᠤᠯᠠᠨ ᠲᠠᠯᠠᠲᠤ ᠦᠵᠡᠯ ᠢ ᠡᠷᠡᠰ ᠲᠡᠮᠵᠢᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠳᠡᠯᠡᠬᠡᠢ ᠨᠡᠶᠢᠭᠡᠮ ᠳᠤ ᠬᠡᠪ ᠳᠠᠭᠤᠷᠢᠶᠠᠯ ᠦᠵᠡᠭᠦᠯᠪᠡ ᠃ | ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠨᠢ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠡᠪᠳᠡᠵᠦ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠢ ᠬᠤᠬᠢᠷᠠᠭᠤᠯᠪᠠ ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠤᠭ ᠰᠠᠨᠠᠭ᠎ᠠ ᠪᠠᠨ ᠪᠠᠲᠤ ᠰᠠᠬᠢᠵᠤ ᠂ ᠢᠳᠡᠪᠬᠢᠲᠡᠢ ᠠᠵᠢᠯᠯᠠᠵᠤ ᠂ | ᠬᠥᠭᠵᠢᠵᠦ ᠪᠠᠶᠢᠭ᠎ᠠ ᠤᠯᠤᠰ ᠪᠣᠯᠣᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠤᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ | ᠭᠡᠵᠦ ᠬᠡᠯᠡᠪᠡ ᠃ | ᠼᠠᠢ ᠴᠢ ᠂ ᠾᠧ ᠯᠢ ᠹᠧᠩ ᠂ ᠴᠧᠨ ᠵᠢᠢ ᠨᠢᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | |