| ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 29 ᠤ ᠡᠳᠦᠷ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ ᠂ ᠱᠠᠩᠬᠠᠢ ᠣᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ ᠂ ᠠᠵᠠ ᠲᠣᠭᠢᠶᠠᠯ ᠢ ᠠᠮᠵᠢᠨ ᠂ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠬᠥᠲᠥᠯᠥᠮᠵᠢ ᠪᠤᠯᠭᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ | ᠰᠤᠷᠪᠤᠯᠵᠢ ᠶᠢᠨ ᠴᠢᠳᠠᠮᠵᠢ ᠪᠣᠯᠣᠨ ᠳᠡᠭᠡᠳᠦ ᠳᠡᠰ ᠤᠨ ᠠᠵᠤ ᠦᠢᠯᠡᠰ ᠤᠨ ᠬᠥᠲᠥᠯᠥᠨ ᠳᠠᠭᠠᠭᠤᠯᠬᠤ ᠴᠢᠳᠠᠮᠵᠢ ᠪᠠᠨ ᠲᠠᠰᠤᠷᠠᠯᠲᠠ ᠦᠭᠡᠢ ᠴᠢᠩᠭᠠᠳᠬᠠᠵᠤ ᠂ ᠪᠦᠭᠦ | ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ | ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ ᠃ | | 4 ᠰᠠᠷ᠎ᠠ ᠶᠢᠨ 29 ᠤ ᠡᠳᠦᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ ᠂ ᠰᠢᠦᠢ ᠬᠤᠢ | ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ ᠮᠦᠸᠧ ᠰᠦ᠋ ᠣᠷᠣᠨ ᠵᠠᠢ ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ | ᠲᠣᠭᠤᠷᠢᠭ ᠤᠨ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 29 ᠤ ᠦᠳᠡ ᠶᠢᠨ ᠡᠮᠦᠨ᠎ᠡ ᠂ ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠭᠡᠰᠢᠭᠦᠨ ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠪᠣᠯᠣᠨ ᠬᠤᠳᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠤᠯᠭ᠎ᠠ ᠲᠠᠢ ᠪᠠᠷ | ᠰᠢᠦᠢ ᠬᠤᠢ ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ ᠮᠦᠸᠧ ᠰᠦ᠋ ᠣᠷᠣᠨ ᠵᠠᠢ ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ | ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ ᠃ | ︽ ᠮᠦᠸᠧ ᠰᠦ᠋ ᠣᠷᠣᠨ ᠵᠠᠢ ︾ ᠪᠣᠯ ᠱᠠᠩᠬᠠᠢ ᠬᠤᠲᠠ ᠶᠢᠨ ᠡᠭᠦᠳᠦᠭᠰᠡᠨ ᠵᠣᠬᠢᠶᠠᠮᠠᠯ ᠣᠶᠤᠨ ᠴᠢᠳᠠᠪᠤᠷᠢ ᠶᠢᠨ ᠲᠣᠮᠣ ᠵᠠᠭᠪᠤᠷ ᠤᠨ ᠲᠤᠰᠬᠠᠢ ᠮᠡᠷᠭᠡᠵᠢᠯ ᠤᠨ | ᠨᠡᠪᠴᠢᠭᠦᠯᠬᠦ ᠪᠠ ᠲᠦᠷᠭᠡᠳᠬᠡᠬᠦ ᠲᠠᠪᠴᠠᠩ ᠪᠣᠯᠣᠨ᠎ᠠ ᠂ ᠨᠢᠭᠡᠨᠲᠡ 100 ᠭᠠᠷᠤᠢ ᠠᠵᠤ ᠠᠬᠤᠶᠢᠯᠠᠯ ᠣᠷᠣᠵᠤ ᠰᠠᠭᠤᠪᠠ ᠃ ᠰᠢ ᠶᠢᠨ ᠫᠢᠩ ᠠᠳᠡ ᠢᠷᠡᠵᠦ ᠂ ᠸᠢᠳᠢᠤ᠋ | ᠣᠬᠤᠷ ᠹᠢᠯᠢᠮ ᠢᠶᠠᠷ ᠱᠠᠩᠬᠠᠢ ᠬᠤᠳᠠ ᠶᠢᠨ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ ᠂ | ᠭᠤᠣᠯᠳᠠᠯᠭ᠎ᠠ ᠲᠠᠢ ᠨᠡᠪᠴᠢᠭᠦᠯᠬᠦ ᠠᠵᠤ ᠠᠬᠤᠶᠢᠯᠠᠯ ᠤᠨ ᠲᠣᠮᠣ ᠵᠠᠭᠪᠤᠷ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ ᠂ ᠬᠤᠯᠪᠣᠭᠳᠠᠯ ᠪᠦᠬᠦᠢ | ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠨᠢᠯᠴᠠᠭᠤᠯᠭ᠎ᠠ ᠶᠢ ᠰᠣᠨᠣᠰᠪᠠ ᠃ | ᠰᠢ ᠶᠢᠨ ᠫᠢᠩ ᠱᠠᠩᠬᠠᠢ ᠶᠢᠨ ᠵᠣᠬᠢᠶᠠᠮᠠᠯ ᠤᠶᠤᠨ ᠴᠢᠳᠠᠪᠤᠷᠢ ᠶᠢ ᠢᠳᠡᠪᠬᠢᠲᠡᠢ ᠬᠥᠭᠵᠢᠭᠦᠯᠦᠭᠡᠳ ᠣᠯᠣᠭᠰᠠᠨ ᠪᠣᠳᠠᠲᠤ ᠦᠷ᠎ᠡ ᠪᠦᠲᠦᠮᠵᠢ ᠶᠢ ᠨᠤᠲᠠᠯᠠᠪᠠ ᠃ | ᠲᠡᠷᠡ ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ ᠰᠢᠨᠡᠴᠢᠯᠡᠭᠳᠡᠵᠦ ᠂ ᠶᠠᠭ ᠥᠷᠨᠢᠭᠦᠨ ᠬᠥᠭᠵᠢᠯᠲᠡ ᠪᠠᠨ ᠤᠭᠲᠤᠵᠤ ᠪᠠᠶᠢᠨ᠎ᠠ ᠂ ᠱᠠᠩᠬᠠᠢ | ᠬᠤᠲᠠ ᠶᠢᠨ ᠬᠢᠨ ᠲᠣᠮᠣ ᠵᠠᠭᠪᠤᠷ ᠤᠨ ᠠᠵᠤ ᠦᠢᠯᠡᠰ ᠤᠨ ᠠᠮᠢ ᠠᠬᠤᠢ ᠶᠢᠨ ᠰᠢᠰᠲ᠋ᠧᠮ ᠢᠶᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ | ᠨᠡᠪᠴᠢᠭᠦᠯᠦᠭᠰᠡᠨ ᠵᠡᠷᠭᠡ ᠠᠮᠵᠢᠯᠲᠠᠲᠠᠢ ᠲᠤᠷᠰᠢᠯᠭ᠎ᠠ ᠪᠠᠨ ᠰᠠᠶᠢᠲᠤᠷ ᠳ᠋ᠦᠩᠨᠡᠵᠦ ᠂ ᠰᠦᠪᠡᠭᠴᠢᠯᠡᠬᠦ ᠡᠷᠴᠢᠮ ᠢᠶᠠᠨ ᠴᠢᠩᠭᠠᠷᠠᠭᠤᠯᠵᠤ ᠂ ᠵᠣᠬᠢᠶᠠᠮᠠᠯ ᠣᠶᠤᠨ | ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠵᠡᠷᠭᠡ ᠡᠯ᠎ᠡ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ ᠂ ᠵᠢᠱᠢᠶ᠎ᠡ ᠦᠵᠡᠭᠦᠯᠭᠦ ᠦᠢᠯᠡᠳᠦᠯ ᠭᠠᠷᠭᠠᠬᠤ ᠪᠠᠷ | ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | | 4 ᠰᠠᠷ᠎ᠠ ᠶᠢᠨ 29 ᠤ ᠡᠳᠦᠷ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ ᠂ ᠰᠢᠦᠢ ᠬᠤᠢ | ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ ᠮᠦᠸᠧ ᠰᠦ᠋ ᠣᠷᠣᠨ ᠵᠠᠢ ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ | ᠲᠣᠭᠤᠷᠢᠭ ᠲᠤ ᠂ ︽ ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ ᠳᠠᠭᠠᠭᠠᠭᠰᠠᠨ ᠬᠤᠪᠢᠰᠤᠯ ︾ ᠭᠤᠣᠯ ᠰᠡᠳᠦᠪᠲᠦ ᠱᠠᠯᠦ᠋ᠨ ᠳᠤ | ᠣᠷᠣᠯᠴᠠᠵᠤ ᠪᠠᠶᠢᠭᠰᠠᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ︽ ᠮᠦᠸᠧ ᠰᠦ᠋ ᠣᠷᠣᠨ ᠵᠠᠢ ︾ ᠶᠢᠨ 3 ᠳᠠᠪᠬᠤᠷᠭ᠎ᠠ ᠳᠤ ᠂ ︽ ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ ᠳᠠᠭᠠᠭᠠᠭᠰᠠᠨ | ᠬᠤᠪᠢᠰᠤᠯ ︾ ᠭᠤᠣᠯ ᠰᠡᠳᠦᠪᠲᠦ ᠱᠠᠯᠦ᠋ᠨ ᠶᠠᠪᠤᠭᠳᠠᠵᠤ ᠪᠠᠶᠢᠯ᠎ᠠ ᠃ ᠰᠢ ᠶᠢᠨ ᠫᠢᠩ ᠪᠠᠶᠠᠷ ᠲᠠᠢ ᠪᠠᠷ ᠲᠤᠰ ᠱᠠᠯᠦ᠋ᠨ ᠳᠤ ᠣᠷᠣᠯᠴᠠᠵᠤ ᠂ ᠲᠤᠬᠠᠢ ᠶᠢᠨ ᠲᠠᠯᠠᠪᠠᠢ ᠳᠤ | ᠪᠠᠶᠢᠭᠰᠠᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠪᠠ ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠥᠪᠡᠷ ᠤᠨ ᠪᠠᠶᠢᠭ᠎ᠠ | ᠪᠦᠯᠭᠦᠮ ᠤᠨ ᠢᠶᠠᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠰᠤᠳᠤᠯᠭᠠᠨ ᠥᠷᠨᠢᠭᠦᠯᠵᠦ ᠪᠠᠶᠢᠬᠤ ᠪᠠ ᠠᠵᠤ ᠦᠢᠯᠡᠰ ᠤᠨ ᠬᠡᠷᠡᠭᠯᠡᠯᠲᠡ ᠶᠢᠨ ᠲᠤᠬᠠᠢ | ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠪᠡ ᠃ ᠰᠢ ᠶᠢᠨ ᠫᠢᠩ ᠤᠯᠠᠨ ᠳᠤ ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠪᠠᠷ ᠮᠠᠨᠳᠤᠵᠤ ᠪᠠᠶᠢᠭ᠎ᠠ ᠦᠢᠯᠡᠰ | ᠮᠥᠨ ᠂ ᠮᠥᠨ ᠴᠤ ᠵᠠᠯᠠᠭᠤᠴᠤᠳ ᠤᠨ ᠦᠢᠯᠡᠰ ᠮᠥᠨ ᠃ ᠪᠢᠳᠡ ᠶᠠᠭ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ ᠂ ᠶᠠᠭ ᠰᠠᠶᠢᠬᠠᠨ ᠵᠠᠯᠠᠭᠤ ᠨᠢᠭᠡ ᠦᠶ᠎ᠡ ᠶᠢᠨ ᠬᠢᠨ ᠤ ᠡᠷᠳᠡᠮ ᠴᠢᠳᠠᠪᠤᠷᠢ ᠪᠠᠨ | ᠢᠯᠡᠷᠡᠭᠦᠯᠵᠦ ᠂ ᠠᠪᠢᠶᠠᠰ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠰᠠᠶᠢᠨ ᠴᠠᠭ ᠦᠶ᠎ᠡ ᠪᠣᠯᠣᠨ᠎ᠠ ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠬᠦᠰᠡᠯ | ᠡᠷᠡᠮᠡᠯᠵᠡᠯ ᠢ ᠪᠡᠶᠡᠯᠡᠭᠦᠯᠬᠦ ᠳᠤ ᠵᠠᠯᠠᠭᠤᠴᠤᠳ ᠲᠤ ᠬᠦᠰᠡᠯ ᠡᠷᠡᠮᠡᠯᠵᠡᠯ ᠢᠶᠠᠨ ᠲᠠᠯᠪᠢᠵᠤ ᠪᠠᠶᠢᠨ᠎ᠠ ᠃ ᠤᠯᠠᠨ ᠢᠶᠠᠷ ᠢᠶᠠᠨ ᠡᠬᠡ ᠣᠷᠣᠨᠴᠢ ᠰᠡᠳᠬᠢᠯᠭᠡ ᠶᠢ ᠡᠪᠦᠷᠯᠡᠵᠦ ᠂ | ᠤᠯᠤᠰ ᠲᠠᠭᠠᠨ ᠵᠢᠳᠬᠦᠬᠦ ᠵᠣᠷᠢᠭ ᠢ ᠡᠪᠦᠷᠯᠡᠨ ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠨᠡᠮᠡᠭᠳᠡᠭᠦᠯᠵᠦ ᠂ ᠬᠤᠪᠢ ᠬᠥᠮᠥᠨ ᠤ ᠲᠡᠮᠡᠴᠡᠯ ᠢᠶᠠᠨ ᠤᠯᠤᠰ ᠤᠨ | ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠵᠤ ᠂ ᠲᠡᠦᠬᠡ ᠶᠢᠨ ᠪᠤᠤᠬᠢᠶ᠎ᠠ ᠶᠢ ᠰᠠᠶᠢᠲᠤᠷ ᠳᠠᠮᠵᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠪᠡ ᠃ | ᠳᠠᠷᠠᠭ᠎ᠠ ᠨᠢ ᠂ ᠰᠢ ᠶᠢᠨ ᠫᠢᠩ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠣᠷᠣᠪᠠ ᠃ ᠯᠠᠩᠭᠦᠢ ᠳᠡᠭᠡᠷ᠎ᠡ | ᠲᠠᠯᠪᠢᠭᠠᠰᠤᠲᠠᠢ ᠣᠶᠤᠨᠴᠢ ᠨᠢᠳᠦᠨ ᠰᠢᠯ ᠂ ᠣᠶᠤᠨᠴᠢ ᠬᠡᠦᠬᠡᠳ ᠤᠨ ᠲᠣᠭᠯᠠᠭᠠᠮ ᠂ ᠣᠶᠤᠨᠴᠢ ᠬᠥᠭᠵᠢᠮ ᠵᠡᠷᠭᠡ ᠰᠢᠨ᠎ᠡ ᠡᠭᠦᠳᠦᠯᠲᠡ ᠶᠢᠨ ᠦᠢᠯᠡᠳᠬᠦᠨ ᠨᠦᠭᠦᠳ | ᠠᠩᠬᠠᠷᠤᠯ ᠢ ᠤᠨᠴᠠᠭᠠᠢ ᠲᠠᠲᠠᠵᠤ ᠪᠠᠶᠢᠯ᠎ᠠ ᠂ ᠰᠢ ᠶᠢᠨ ᠫᠢᠩ ᠦᠢᠯᠡᠳᠬᠦᠨ ᠤ ᠴᠢᠳᠠᠮᠵᠢ ᠪᠣᠯᠣᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠨᠠᠷᠢᠨ ᠣᠶᠢᠯᠠᠭᠠᠭᠰᠠᠨ | ᠪᠥᠭᠡᠳ ᠪᠠᠰᠠ ᠤᠷᠮ᠎ᠠ ᠲᠠᠢ ᠪᠠᠷ ᠨᠢᠭᠡᠨ ᠣᠶᠤᠨᠴᠢ ᠨᠢᠳᠦᠨ ᠰᠢᠯ ᠢ ᠠᠪᠴᠤ ᠵᠡᠭᠦᠨ ᠪᠡᠶᠡᠴᠢᠯᠡᠨ ᠣᠶᠢᠯᠠᠭᠠᠪᠠ ᠃ ᠲᠡᠷᠡ ᠂ ᠮᠠᠨ ᠤ ᠤᠯᠤᠰ ᠤᠨ ᠳ᠋ᠠᠶᠢᠲ᠋ᠠ ᠶᠢᠨ ᠡᠬᠢ | ᠪᠠᠶᠠᠯᠢᠭ ᠡᠯᠪᠡᠭ ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠂ ᠵᠣᠬᠢᠶᠠᠮᠠᠯ ᠤᠶᠤᠨ ᠴᠢᠳᠠᠪᠤᠷᠢ ᠶᠢᠨ | ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ ᠂ | ᠨᠡᠩ ᠤᠯᠠᠨ ᠠᠮᠤᠷ ᠲᠦᠪᠰᠢᠨ ᠨᠠᠶᠢᠳᠠᠪᠤᠷᠢᠲᠠᠢ ᠴᠢᠨᠠᠷ ᠰᠠᠶᠢᠲᠠᠢ ᠦᠢᠯᠡᠳᠬᠦᠨ ᠢ ᠴᠢᠷᠮᠠᠶᠢᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ ᠃ | ᠠᠶᠠᠷᠯᠠᠬᠤ ᠦᠶ᠎ᠡ ᠳᠤ ᠂ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠣᠯᠣᠨ ᠠᠵᠤ | ᠠᠬᠤᠶᠢᠯᠠᠯ ᠤᠨ ᠠᠵᠢᠯᠲᠠᠳ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠂ ᠶᠡᠷᠦᠩᠬᠡᠢ ᠱᠦᠵᠢ ᠶᠢᠨ ᠳᠠᠭᠢᠭᠠᠳ ᠢᠷᠡᠬᠦ ᠶᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠤᠯᠠᠨ ᠤ ᠵᠦᠭ ᠪᠠᠶᠢᠨ ᠲᠠᠭᠢᠨ ᠭᠠᠷ ᠳᠠᠯᠠᠯᠤᠨ ᠮᠡᠨᠳᠦᠴᠢᠯᠡᠵᠦ ᠂ ᠤᠯᠠᠨ ᠤ ︽ 5 · 1 ︾ ᠤ | ᠬᠥᠳᠡᠯᠮᠦᠷᠢᠴᠢᠳ ᠤᠨ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠥᠩᠭᠡᠷᠡᠭᠦᠯᠬᠦ ᠶᠢ ᠵᠥᠩᠨᠡᠵᠦ ᠂ ᠤᠯᠠᠨ ᠢ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ | ᠭᠠᠷᠭᠠᠵᠤ ᠂ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ ᠃ | | | |