| | ᠣᠶᠢᠷ᠎ᠠ ᠳᠤ ᠂ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠣᠨ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠬᠠᠮᠲᠤᠷᠠᠨ | ᠬᠠᠤᠯᠢ ᠬᠡᠷᠡᠭᠵᠢᠭᠦᠯᠵᠦ ᠂ ᠣᠯᠠᠨ ᠡᠰᠢᠲᠦ ᠤᠬᠠᠭᠤᠯᠭ᠎ᠠ ᠬᠢᠬᠦ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠬᠢ ᠣᠯᠭᠤᠬᠤ ᠂ ᠬᠦᠴᠦᠲᠡᠢ ᠴᠡᠭᠴᠡᠯᠡᠨ ᠵᠠᠰᠠᠬᠤ ᠪᠠᠷ | ᠳᠠᠮᠵᠢᠭᠤᠯᠤᠨ ᠂ ︽ ᠦᠯᠤ ᠠᠭᠤᠴᠢᠯᠠᠬᠤ ︾ ᠣᠪᠣᠷ ᠢᠶᠠᠷ ᠣᠶ ᠰᠢᠭᠤᠢ ᠨᠤᠳᠤᠭ ᠪᠡᠯᠴᠢᠭᠡᠷ ᠢ ᠡᠪᠳᠡᠭᠰᠡᠨ ᠭᠡᠷᠡᠭ ᠲᠤ ᠴᠣᠬᠢᠯᠲᠠ ᠥᠭᠬᠦ ᠲᠤᠰᠬᠠᠢ ᠠᠵᠢᠯ ᠢ | ᠥᠷᠨᠢᠭᠦᠯᠵᠦ ᠂ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ | ᠪᠠᠶᠢᠨ᠎ᠠ ᠃ | | | | ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯ ᠤᠨ ᠳᠤᠭᠤᠶᠢᠯᠠᠩ︽ᠰᠠᠯᠠᠭ᠎ᠠ ᠮᠥᠴᠢᠷ ᠤᠨ ᠬᠠᠮᠵᠢᠯᠴᠠᠭ᠎ᠠ + ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ︾ | ᠤᠨ ᠵᠠᠭᠪᠤᠷ ᠲᠤ ᠲᠦᠰᠢᠭᠯᠡᠨ᠂ ᠡᠭᠴᠡ ᠨᠢᠰᠬᠡᠯ ᠪᠣᠯᠣᠨ ᠵᠢᠯᠣᠭᠤᠴᠢ ᠦᠭᠡᠢ ᠨᠢᠰᠬᠡᠯ ᠤᠨ ᠥᠨᠳᠥᠷ ᠣᠭᠲᠠᠷᠭᠤᠢ ᠳᠤ ᠬᠠᠶᠢᠨ ᠠᠶᠠᠯᠠᠬᠤ ᠵᠡᠷᠭᠡ ᠮᠡᠷᠭᠡᠵᠢᠯ ᠤᠨ | ᠠᠷᠭ᠎ᠠ ᠪᠠᠷᠢᠯ ᠢ ᠬᠡᠷᠡᠭᠯᠡᠨ᠂ ᠠᠮᠢ ᠠᠬᠤᠢ ᠬᠡᠪᠡᠷᠡᠭᠣᠷᠣᠨ᠂ ᠲᠡᠦᠬᠡ ᠶᠢᠨ ᠡᠪᠳᠡᠯᠡᠭᠡ ᠶᠢᠨ ᠴᠡᠭ ᠲᠤ ᠬᠥᠳᠡᠯᠦᠩᠭᠦᠢ ᠰᠢᠷᠪᠢᠨ ᠪᠠᠶᠢᠴᠠᠭᠠᠯᠳᠠ ᠬᠢᠪᠠ︔ ᠬᠠᠷᠢᠶᠠᠲᠤ | ᠣᠷᠣᠨ ᠤ ᠳᠣᠲᠣᠷᠠᠬᠢ ᠣᠶᠢᠲᠤ ᠭᠠᠵᠠᠷ ᠂ ᠨᠤᠲᠤᠭ ᠪᠡᠯᠴᠢᠭᠡᠷ ᠂ ᠴᠢᠭᠢᠭᠯᠢᠭ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠲᠣᠭᠤᠷᠢᠨ | ᠪᠠᠶᠢᠴᠠᠭᠠᠯᠲᠠ ᠥᠷᠨᠢᠭᠦᠯᠵᠦ ᠂ ᠬᠠᠤᠯᠢ ᠪᠤᠰᠤ ᠪᠠᠷ ᠬᠠᠭᠠᠯᠪᠤᠷᠢᠯᠠᠬᠰᠠᠨ ᠂ ᠮᠠᠯᠲᠠᠬᠰᠠᠨ ᠂ ᠡᠵᠡᠯᠡᠨ ᠬᠡᠷᠡᠭᠯᠡᠭᠰᠡᠨ ᠂ ᠬᠡᠲᠦᠷᠡᠲᠡᠯ᠎ᠡ ᠮᠠᠯᠯᠠᠬᠰᠠᠨ ᠵᠡᠷᠭᠡ ᠳᠠᠯᠳᠠ ᠬᠡᠮ ᠢ | ᠵᠢᠭᠰᠠᠭᠠᠨ ᠪᠠᠶᠢᠴᠠᠭᠠᠵᠤ ᠂ ᠢᠯᠡᠷᠡᠭᠦᠯᠦᠭᠰᠡᠨ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠬᠤᠷᠢᠭᠯᠠᠨ ᠵᠣᠭᠰᠤᠭᠠᠬᠤ ᠶᠢᠨ ᠬᠠᠮᠲᠤ ᠰᠤᠷᠭᠠᠨ | ᠬᠥᠮᠥᠵᠢᠭᠦᠯᠵᠦ ᠬᠠᠯᠠᠨ ᠰᠠᠶᠢᠵᠢᠷᠠᠭᠤᠯᠵᠤ ᠂ ᠡᠷᠲᠡ ᠠᠴᠠ ᠤᠷᠢᠳᠴᠢᠯᠠᠨ ᠰᠡᠷᠭᠡᠶᠢᠯᠡᠵᠦ ᠂ ᠡᠷᠲᠡ ᠠᠴᠠ ᠢᠯᠡᠷᠡᠭᠦᠯᠵᠦ ᠂ ᠡᠷᠲᠡ ᠠᠴᠠ ᠰᠢᠢᠳᠪᠦᠷᠢᠯᠡᠬᠦ ᠶᠢ | ᠪᠡᠶᠡᠯᠡᠭᠦᠯᠪᠠ ᠃ | | | | | | ᠭᠤᠣᠯᠳᠠᠯᠭ᠎ᠠ ᠲᠠᠢ ᠣᠷᠣᠨ ᠪᠦᠰᠡ ᠵᠢᠴᠢ ᠲᠣᠰᠬᠤᠨ ᠪᠠᠯᠭᠠᠰᠤ ᠶᠢᠨ ᠭᠤᠣᠯ ᠵᠠᠮ ᠳᠡᠭᠡᠷ᠎ᠡ ᠤᠬᠠᠭᠤᠯᠭ᠎ᠠ ᠶᠢᠨ ᠵᠠᠷᠯᠠᠯ ᠢ ᠵᠠᠯᠭᠠᠭ᠎ᠠ ᠪᠠᠷ ᠲᠠᠷᠬᠠᠭᠠᠵᠤ ᠂ ᠭᠤᠣᠯ | ᠰᠡᠳᠦᠪᠲᠦ ᠤᠷᠢᠶ᠎ᠠ ᠯᠣᠽᠦ᠋ᠩ ᠢ ᠡᠯᠭᠦᠪᠡ᠃ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠶᠢ | ᠠᠪᠴᠤ ᠂ ᠮᠠᠯᠴᠢᠨ ᠲᠠᠷᠢᠶᠠᠴᠢᠳ ᠲᠤ ︽ ᠣᠶ ᠰᠢᠭᠤᠢ ᠶᠢᠨ ᠬᠠᠤᠯᠢ ︾ ᠂ ︽ ᠨᠤᠲᠤᠭ ᠪᠡᠯᠴᠢᠭᠡᠷ ᠤᠨ ᠬᠠᠤᠯᠢ ︾ ᠂ ︽ ᠨᠤᠭᠤ ᠭᠠᠵᠠᠷ ᠢ ᠬᠠᠮᠠᠭᠠᠯᠠᠬᠤ ᠬᠠᠤᠯᠢ ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ ᠂ ᠥᠷᠭᠡᠨ ᠣᠯᠠᠨ ᠲᠦᠮᠡᠨ ᠳᠤ ᠣᠶ ᠰᠢᠭᠤᠢ ᠨᠤᠲᠤᠭ ᠪᠡᠯᠴᠢᠭᠡᠷ ᠢ ᠬᠠᠤᠯᠢ ᠪᠤᠰᠤ ᠪᠠᠷ | ᠬᠠᠭᠠᠯᠪᠤᠷᠢᠯᠠᠭᠰᠠᠨ ᠤ ᠬᠠᠤᠯᠢ ᠴᠠᠭᠠᠵᠠ ᠶᠢᠨ ᠦᠷ᠎ᠡ ᠳ᠋ᠦᠩ ᠢ ᠣᠶᠢᠯᠠᠭᠠᠭᠤᠯᠵᠤ ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ ᠠᠮᠢ ᠠᠬᠤᠢ ᠶᠢ | ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ︾ ᠪᠠᠶᠢᠬᠤ ᠦᠵᠡᠯ ᠤᠬᠠᠮᠰᠠᠷ ᠢ ᠪᠣᠶ ᠪᠣᠯᠭᠠᠵᠠᠢ ᠃ | | | | | ᠣᠯᠠᠨ ᠲᠦᠮᠡᠨ ᠤ ᠦᠨᠳᠦᠰᠦᠨ ᠱᠠᠲᠤᠨ ᠤ ᠣᠶ ᠰᠢᠭᠤᠢ ᠶᠢ ᠬᠠᠮᠠᠭᠠᠯᠠᠬᠤ ᠬᠦᠴᠦᠨ ᠢ ᠪᠠᠳᠠᠷᠠᠭᠤᠯᠬᠤ ᠪᠠᠷ ᠳᠠᠮᠵᠢᠭᠤᠯᠤᠨ ᠂ ᠣᠶ ᠰᠢᠭᠤᠢ ᠨᠤᠳᠤᠭ ᠪᠡᠯᠴᠢᠭᠡᠷ ᠢ | ᠡᠪᠳᠡᠭᠰᠡᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ ᠂ ︽ ᠦᠨᠳᠤᠷ ᠳᠡᠭᠡᠷ᠎ᠠ ᠠᠴᠠ ᠠᠵᠢᠭᠯᠠᠬᠤ ᠂ ᠭᠠᠵᠠᠷ ᠳᠡᠭᠡᠷ᠎ᠡ | ᠪᠠᠶᠢᠴᠠᠭᠠᠬᠤ ᠂ ᠰᠦᠯᠵᠢᠶᠡᠨ ᠳᠡᠭᠡᠷ᠎ᠡ ᠬᠠᠮᠢᠶᠠᠷᠬᠤ ︾ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠳᠤᠬᠳᠠᠯᠴᠠᠭ᠎ᠠ ᠶᠢ ᠪᠠᠶᠢᠭᠤᠯᠵᠤ ᠂ ᠣᠶ ᠰᠢᠭᠤᠢ ᠨᠤᠳᠤᠭ | ᠪᠡᠯᠴᠢᠭᠡᠷ ᠤᠨ ᠡᠬᠢ ᠪᠠᠶᠠᠯᠢᠭ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠪᠦᠲᠦᠮᠵᠢᠲᠡᠶ ᠰᠡᠷᠭᠡᠶᠢᠯᠡᠪᠠ ᠃ | ᠠᠮᠢ ᠠᠬᠤᠢ ᠶᠢᠨ ᠬᠠᠮᠠᠭᠠᠯᠠᠯᠲᠠ ᠪᠣᠯ ᠰᠣᠩᠭᠤᠬᠤ ᠰᠡᠳᠦᠪ ᠪᠢᠰᠢ ᠬᠠᠷᠢᠨ ᠵᠠᠪᠠᠯ ᠬᠠᠷᠢᠭᠤᠯᠬᠤ ᠰᠡᠳᠦᠪ ᠪᠤᠯᠤᠨ᠎ᠠ ᠂ ᠱᠠᠲᠤ ᠦᠶ᠎ᠡ ᠶᠢᠨ ᠴᠢᠨᠠᠷᠲᠠᠢ ᠡᠭᠦᠷᠭᠡ ᠪᠢᠰᠢ ᠂ | ᠬᠠᠷᠢᠨ ᠲᠡᠦᠬᠡᠲᠦ ᠴᠢᠨᠠᠷᠲᠠᠢ ᠰᠡᠳᠦᠪ ᠪᠤᠯᠤᠨ᠎ᠠ ᠃ ︽ ᠲᠠᠷᠠᠭᠠᠴᠢ ᠶᠢᠨ ᠠᠯᠬᠤᠮ ᠳᠤ ᠂ ᠪᠢᠳᠡ ᠲᠣᠭᠤᠷᠢᠨ ᠪᠠᠶᠢᠴᠠᠭᠠᠬᠤ ᠪᠠ ᠤᠬᠠᠭᠤᠯᠤᠨ ᠰᠡᠷᠭᠡᠶᠢᠯᠡᠬᠦ ᠠᠵᠢᠯ ᠤᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠂ ᠴᠠᠭᠳᠠᠭᠠᠨ ᠤ ᠬᠦᠴᠦᠨ ᠢᠶᠠᠨ | ᠳᠣᠷᠣᠭᠰᠢ ᠪᠠᠭᠤᠯᠭᠠᠵᠤ ᠂ ᠡᠮᠦᠨ᠎ᠡ ᠵᠠᠬ᠎ᠠ ᠳᠤ ᠰᠡᠷᠭᠡᠶᠢᠯᠡᠯᠲᠡ ᠪᠠᠨ ᠪᠠᠶᠢᠷᠢᠯᠠᠭᠤᠯᠵᠤ ᠂ ᠣᠶ ᠰᠢᠭᠤᠢ ᠨᠤᠳᠤᠭ ᠪᠡᠯᠴᠢᠭᠡᠷ ᠢ ᠡᠪᠳᠡᠵᠦ ᠰᠠᠯᠬᠢ ᠰᠥᠷᠦᠨ ᠬᠠᠤᠯᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠂ ᠣᠶ ᠰᠢᠭᠤᠢ ᠨᠤᠳᠤᠭ ᠪᠡᠯᠴᠢᠭᠡᠷ ᠢ ᠡᠪᠳᠡᠭᠰᠡᠨ | ᠠᠵᠢᠯᠯᠠᠭ᠎ᠠᠶᠢ ᠴᠡᠭᠴᠡᠯᠡᠨ ᠵᠠᠰᠠᠬᠤ ᠠᠵᠢᠯ ᠤᠨ ᠪᠣᠳᠠᠲᠠᠢ ᠨᠠᠶᠢᠳᠠᠪᠤᠷᠢᠵᠢᠵᠤ ᠦᠷ᠎ᠡ ᠪᠦᠲᠦᠮᠵᠢ ᠣᠯᠬᠤ ᠶᠢ ᠦᠨᠡᠨ ᠬᠦ ᠠᠬᠢᠭᠤᠯᠵᠤ ᠂ ᠠᠮᠢ ᠠᠬᠤᠢ ᠶᠢᠨ | ᠬᠠᠮᠠᠭᠠᠯᠠᠯᠲᠠ ᠶᠢᠨ ᠬᠠᠯᠬᠠᠪᠴᠢ ᠶᠢ ᠪᠠᠬᠢᠵᠢᠭᠦᠯᠦᠨ᠎ᠡ ︾ ᠭᠡᠵᠦ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ | ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠳᠠᠩᠨᠠᠨ ᠪᠠᠶᠢᠴᠠᠭᠠᠬᠤ ᠶᠡᠭᠡᠠᠩᠭᠢ ︵ᠵᠡᠭᠦᠨᠭᠠᠷ ᠬᠤᠰᠢᠭᠤᠨ ᠤ ᠤᠢ ᠰᠢᠭᠤᠢ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ ᠶᠢᠨ ᠵᠢᠭᠠᠨ ᠵᠢᠯᠣᠭᠤᠳᠤᠭᠴᠢ ᠶᠠᠩ ᠪᠥᠸᠧ ᠯᠦᠨ ᠶᠠᠷᠢᠨ᠎ᠠ᠃ | | | | | | |