| ᠣᠶᠢᠷ᠎ᠠ ᠳᠤ ᠂ ᠵᠡᠭᠦᠨᠭᠠᠷ ᠬᠤᠰᠢᠭᠤ ᠵᠠᠮ ᠬᠠᠷᠢᠯᠴᠠᠭᠠᠨ ᠤ ᠣᠯᠠᠨ ᠲᠥᠷᠥᠯ ᠵᠦᠢᠯ ᠤᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠂ ᠴᠢᠨᠠᠷ | ᠰᠠᠶᠢᠲᠠᠢ ᠲᠥᠷᠥᠯ ᠵᠦᠢᠯ ᠤᠨ ︽ ᠤᠷᠤᠭᠰᠢᠯᠠᠯᠲᠠ ︾ ᠪᠠᠷ ᠴᠢᠨᠠᠷ ᠰᠠᠶᠢᠲᠠᠢ ᠬᠥᠭᠵᠢᠯᠲᠡ ᠶᠢᠨ ︽ ᠰᠠᠭᠤᠷᠢ ︾ ᠶᠢ ᠪᠠᠬᠢᠵᠢᠭᠦᠯᠵᠦ ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠴᠤᠭᠯᠠᠷᠠᠯ ᠤᠨ ᠪᠦᠷᠢᠶ᠎ᠠ ᠶᠢ ᠬᠠᠩᠭᠢᠨᠠᠭᠤᠯᠵᠤ ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ︽ ᠠᠬᠢᠴᠠ ︾ ᠶᠢ ᠲᠠᠰᠤᠷᠠᠯᠲᠠ ᠦᠭᠡᠢ | ᠰᠢᠨᠡᠳᠬᠡᠵᠤ ᠪᠤᠢ ᠃ | | | | ᠰᠢᠦᠸᠠᠢ ᠵᠢᠶᠠ ᠸᠠᠨ ᠬᠤᠶᠠᠳᠤᠭᠠᠷ ᠨᠣᠮᠧᠷᠲᠤ ᠵᠠᠰᠠᠮᠠᠯ ᠵᠠᠮ ᠢ ᠳᠡᠰ ᠳᠡᠪᠰᠢᠭᠦᠯᠵᠤ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠠᠬᠤᠢ | ᠲᠠᠯᠠᠪᠠᠶ ᠳᠤ ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠬᠦᠷᠴᠢᠬᠢᠨᠡᠳᠡᠯᠠ ᠳᠤᠤᠭᠠᠷᠴᠤ ᠂ ᠠᠵᠢᠯᠴᠢᠳ ᠬᠡᠳᠦᠨ ᠮᠧᠲᠷ ᠭᠦᠨ ᠠᠵᠢᠯᠯᠠᠬᠤ ᠲᠣᠭᠤᠷᠢᠭ ᠲᠤ ᠪᠧᠲ᠋ᠤᠨ | ᠴᠢᠳᠬᠤᠵᠤ ᠂ ᠬᠤᠶᠠᠳᠤᠭᠠᠷ ᠨᠣᠮᠧᠷᠲᠤ ᠵᠠᠰᠠᠮᠠᠯ ᠵᠠᠮ ᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠢ ᠰᠡᠷᠭᠦᠭᠡᠭᠰᠡᠨ ᠠᠴᠠ | ᠨᠠᠭᠠᠰᠢ ᠂ ᠬᠥᠭᠦᠷᠭᠡ ᠶᠢᠨ ᠭᠤᠣᠯ ᠴᠣᠭᠴᠠ ᠶᠢᠨ ᠪᠦᠲᠦᠴᠡ ᠶᠢ ᠨᠢᠭᠡᠨᠲᠡ ᠳᠠᠭᠤᠰᠬᠠᠵᠤ ᠂ ᠤᠳᠤᠬᠠᠨ ᠳᠤ ᠶᠠᠭ ᠬᠥᠭᠦᠷᠭᠡ ᠶᠢᠨ ᠭᠠᠳᠠᠷᠭᠤ ᠵᠢᠴᠢ ᠳᠠᠭᠠᠯᠲᠠ | ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠬᠢᠵᠦ ᠪᠤᠢ ᠂ ᠡᠨᠡᠬᠦ ᠪᠦᠬᠦ ᠤᠷᠳᠤ ᠨᠢ 3.096 ᠺᠢᠯᠤᠮᠧᠲᠷ ᠤᠨ ︽ᠠᠷᠠᠳ ᠤᠨ ᠠᠮᠢᠳᠤᠷᠠᠯ ᠤᠨ ᠭᠤᠣᠯ ᠰᠤᠳᠠᠰᠤ︾ ᠶᠢ | ᠥᠷᠭᠡᠳᠬᠡᠨ ᠰᠢᠨᠡᠳᠬᠡᠬᠦ ᠂ ᠵᠥᠷᠢᠯᠢᠭ ᠬᠦᠬᠦᠷᠭᠡ ᠶᠢ ᠨᠡᠮᠡᠨ ᠪᠠᠶᠢᠭᠤᠯᠬᠤ ᠪᠠᠷ ᠳᠠᠮᠵᠢᠭᠤᠯᠵᠤ ᠂ ᠵᠡᠭᠦᠨᠭᠠᠷ ᠬᠤᠰᠢᠭᠤᠨ ᠤ ︽ᠵᠡᠭᠦᠨ ᠶᠡᠭᠡ ᠬᠠᠭᠠᠯᠭ᠎ᠠ︾ ᠶᠢ | ᠲᠤᠶᠢᠯᠪᠤᠷᠢᠲᠠᠢ ᠨᠡᠪᠲᠡᠷᠡᠭᠦᠯᠬᠦ ᠪᠣᠯᠣᠨ᠎ᠠ᠃ | | | | ᠬᠤᠶᠠᠳᠤᠭᠠᠷ ᠨᠣᠮᠧᠷᠲᠤ ᠵᠠᠰᠠᠮᠠᠯ ᠵᠠᠮ ᠢ ᠳᠡᠰ ᠳᠡᠪᠰᠢᠭᠦᠯᠵᠤ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠳᠠᠭᠠᠭᠠᠮᠠᠯ ᠬᠦ᠋ ᠰᠢᠦᠸᠠᠢ | ᠯᠢᠶᠠᠩ ᠄ ︽ᠲᠦᠷᠦᠯ ᠵᠦᠢᠯ ᠨᠢ ᠵᠠᠮ ᠤᠨ ᠰᠠᠭᠤᠷᠢ ᠶᠢᠨ ᠵᠢᠷᠤᠭ ᠲᠥᠯᠥᠪᠯᠡᠭᠡ ᠶᠢᠨ ᠢᠨᠵᠧᠨᠧᠷᠢᠩ ᠤᠨ 70% ᠶᠢ ᠪᠡᠶᠡᠯᠡᠭᠦᠯᠵᠦ ᠂ ᠰᠡᠷᠭᠡᠶᠢᠯᠡᠨ ᠬᠠᠮᠠᠭᠠᠯᠠᠬᠤ ᠤᠰᠤ | ᠵᠠᠯᠠᠬᠤ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠢᠨᠵᠧᠨᠧᠷᠢᠩ ᠤᠨ 50% ᠶᠢ ᠪᠡᠶᠡᠯᠡᠭᠦᠯᠵᠦ ᠂ 100 ᠭᠠᠷᠤᠢ ᠬᠥᠮᠥᠨ ᠂ 30 ᠭᠠᠷᠤᠢ ᠮᠠᠰᠢᠨ ᠮᠧᠬᠠᠨᠢᠭ ᠢ | ᠬᠦᠳᠡᠯᠭᠡᠵᠤ ᠂ ᠵᠢᠯ ᠤᠨ ᠡᠴᠦᠰ ᠲᠤ ᠲᠡᠷᠭᠡ ᠨᠡᠪᠲᠡᠷᠡᠬᠦ ᠶᠢ ᠪᠠᠲᠤᠯᠠᠨ᠎ᠠ︾ ᠭᠡᠵᠦ ᠶᠠᠷᠢᠨ᠎ᠠ᠃ | | | | ᠴᠢᠩ ᠳ᠋ᠡ ᠵᠠᠰᠠᠮᠠᠯ ᠵᠠᠮ ︵ ᠴᠢᠩ ᠱᠦᠢ ᠾᠧ ︱ ᠳ᠋ᠠ ᠹᠠᠨ ᠫᠦ᠋ ︶ ᠤᠨ ᠵᠥᠷᠢᠯᠢᠭ ᠬᠦᠬᠦᠷᠭᠡ ᠶᠢᠨ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠲᠥᠷᠥᠯ | ᠵᠦᠢᠯ ᠤᠨ ᠠᠬᠤᠢ ᠲᠠᠯᠠᠪᠠᠶ ᠳᠤ ᠂ ᠵᠠᠮ ᠳᠠᠷᠤᠰᠢᠭᠤᠯᠬᠤ ᠮᠠᠰᠢᠨ ᠂ ᠪᠠᠷᠢᠯᠭ᠎ᠠ ᠶᠢᠨ ᠲᠡᠷᠭᠡ ᠮᠠᠰᠢᠨ ᠨᠠᠭᠠᠰᠢ ᠴᠠᠭᠠᠰᠢ ᠰᠦᠯᠵᠢᠯᠳᠦᠨ᠎ᠡ ᠃ ᠲᠣᠰ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠢ 1.6 ᠳ᠋ᠦᠩᠰᠢᠭᠤᠷ ᠲᠥᠭᠦᠷᠢᠭ ᠪᠠᠶᠢᠵᠤ ᠂ ᠵᠠᠮ ᠤᠨ ᠪᠥᠬᠦ ᠣᠷᠳᠣ ᠨᠢ 3.51 ᠺᠢᠯᠣᠮᠧᠲᠷ ᠪᠤᠢ ᠂ ᠵᠢᠷᠤᠵᠤ ᠲᠥᠯᠥᠪᠯᠡᠭᠰᠡᠨ | ᠬᠤᠷᠳᠤᠴᠠ ᠨᠢ ᠴᠠᠭ ᠪᠦᠷᠢ 60 ᠺᠢᠯᠣᠮᠧᠲᠷ ᠪᠠᠶᠢᠵᠤ ᠂ ᠬᠠᠷᠢᠯᠴᠠᠨ ᠨᠡᠪᠳᠡᠷᠡᠬᠦ ᠭᠡᠰᠡᠭ ᠢ ᠴᠢᠩ ᠳ᠋ᠡ ᠵᠠᠰᠠᠮᠠᠯ ᠵᠠᠮ ᠬᠢᠭᠡᠳ ᠷᠦᠩ ᠴᠧᠩ ᠠᠴᠠ ᠦᠬᠠᠢ ᠬᠦᠷᠬᠦ | ᠦᠨᠳᠤᠷ ᠬᠤᠷᠳᠤᠴᠠᠳᠤ ᠵᠠᠰᠠᠮᠠᠯ ᠵᠠᠮ ᠤᠨ ᠰᠢᠦᠸᠠᠢ ᠵᠢᠶᠠ ᠸᠠᠨ ᠤ ᠵᠡᠭᠦᠨᠳᠡᠬᠢ ᠨᠡᠪᠲᠡᠷᠡᠬᠦ A ᠲᠣᠭᠤᠷᠢᠯ ᠵᠠᠮ ᠤᠨ ᠠᠭᠤᠯᠵᠠᠷ ᠲᠤ ᠪᠠᠶᠢᠷᠢᠯᠠᠭᠤᠯᠵᠠᠢ ᠃ ᠲᠥᠷᠥᠯ | ᠵᠦᠢᠯ ᠳᠤ ᠭᠤᠣᠯᠳᠠᠭᠤ ᠴᠢᠩ ᠳ᠋ᠠ ᠵᠠᠰᠠᠮᠠᠯ ᠵᠠᠮ ᠢ 1.06 ᠺᠢᠯᠣᠮᠧᠲᠷ ᠥᠭᠡᠷᠡᠴᠢᠯᠡᠨ ᠵᠠᠰᠠᠵᠤ ᠂ 2.453 ᠺᠢᠯᠣᠮᠧᠲᠷ ᠲᠣᠭᠤᠷᠢᠯ ᠵᠠᠮ ᠢ ᠰᠢᠨ᠎ᠡ ᠪᠠᠷ ᠪᠠᠶᠢᠭᠤᠯᠬᠤ | ᠵᠢᠴᠢ 1 ᠲᠣᠮᠣ ᠬᠥᠭᠦᠷᠭᠡ ᠶᠢ ᠰᠢᠨ᠎ᠡ ᠪᠠᠷ ᠪᠠᠶᠢᠭᠤᠯᠵᠤ ᠂ ᠪᠥᠬᠦ ᠱᠤᠭᠤᠮ ᠳᠤ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠨ ᠵᠢᠷᠤᠵᠤ | ᠲᠥᠯᠥᠪᠯᠡᠬᠦ ᠶᠢ ᠪᠠᠭᠲᠠᠭᠠᠨ᠎ᠠ ᠃ ᠣᠳᠣᠬᠠᠨ ᠳᠤ ᠶᠡᠷᠦᠩᠬᠡᠢ ᠠᠬᠢᠴᠠ ᠶᠢᠨ 63% ᠶᠢ ᠪᠡᠶᠡᠯᠡᠭᠦᠯᠵᠦ ᠂ ᠡᠭᠦᠨ ᠳᠤ ᠵᠠᠮ ᠤᠨ ᠰᠠᠭᠤᠷᠢ ᠶᠢᠨ ᠪᠠᠷᠢᠯᠭ᠎ᠠ ᠶᠢᠨ 98% ᠶᠢ | ᠨᠢᠭᠡᠨᠲᠡ ᠪᠡᠶᠡᠯᠡᠭᠦᠯᠪᠡ ︔ ᠤᠰᠤ ᠵᠠᠯᠠᠬᠤ ᠢᠨᠵᠧᠨᠧᠷᠢᠩ ᠤᠨ 57% ᠶᠢ ᠪᠡᠶᠡᠯᠡᠭᠦᠯᠪᠡ ︔ ᠬᠠᠵᠠᠭᠤ ᠶᠢᠨ ᠬᠠᠮᠠᠭᠠᠯᠠᠯᠲᠠ ᠶᠢᠨ ᠢᠨᠵᠧᠨᠧᠷᠢᠩ ᠤᠨ 54% ᠶᠢ | ᠪᠡᠶᠡᠯᠡᠭᠦᠯᠪᠡ ︔ ᠬᠠᠯᠬᠠᠯᠠᠬᠤ ᠢᠨᠵᠧᠨᠧᠷᠢᠩ ᠤᠨ 88% ᠶᠢ ᠪᠡᠶᠡᠯᠡᠭᠦᠯᠪᠡ ︔ ᠬᠥᠭᠦᠷᠭᠡ ᠶᠢᠨ ᠪᠠᠷᠢᠯᠭ᠎ᠠ ᠶᠢᠨ 99% ᠶᠢ ᠪᠡᠶᠡᠯᠡᠭᠦᠯᠪᠡ᠃ ᠴᠢᠩ ᠳ᠋ᠡ ᠵᠠᠰᠠᠮᠠᠯ ᠵᠠᠮ | ᠤᠨ ᠵᠥᠷᠢᠯᠢᠭ ᠬᠦᠬᠦᠷᠭᠡ ᠶᠢᠨ ᠵᠠᠰᠠᠮᠠᠯ ᠵᠠᠮ ᠤᠨ ᠢᠨᠵᠧᠨᠧᠷᠢᠩ ᠤᠨ ᠲᠦᠷᠦᠯ ᠵᠦᠢᠯ ᠤᠨ ᠬᠠᠷᠢᠭᠤᠴᠠᠯᠭᠠᠲᠠᠨ ᠰᠦᠨ ᠶᠦᠨ ᠬᠤᠸᠠ᠄︽ᠵᠢᠱᠢᠯᠲᠡ ᠪᠠᠷ ᠭᠤᠣᠯ | ᠱᠤᠭᠤᠮ ᠨᠢ 2025 ᠣᠨ ᠤ 6 ᠰᠠᠷ᠎ᠠ ᠶᠢᠨ ᠰᠡᠭᠦᠯᠴᠢ ᠪᠠᠷ ᠨᠡᠪᠲᠡᠷᠡᠵᠦ ᠂ ᠲᠣᠭᠤᠷᠢᠯ ᠵᠠᠮ ᠤᠨ ᠢᠨᠵᠧᠨᠧᠷᠢᠩ ᠢ 8 ᠰᠠᠷ᠎ᠠ ᠶᠢᠨ ᠰᠡᠭᠦᠯᠴᠢ ᠪᠠᠷ ᠪᠦᠬᠦ | ᠱᠤᠭᠤᠮ ᠢᠶᠠᠷ ᠨᠠᠪᠲᠠᠷᠡᠭᠦᠯᠵᠦ ᠂ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠴᠢᠩ ᠳ᠋ᠡ ᠵᠠᠰᠠᠮᠠᠯ ᠵᠠᠮ ᠤᠨ ᠴᠢᠳᠠᠪᠬᠢ ᠶᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ︾ | ᠭᠡᠵᠦ ᠶᠠᠷᠢᠨ᠎ᠠ᠃ | | | | ᠴᠢᠩ ᠳ᠋ᠡ ᠵᠠᠰᠠᠮᠠᠯ ᠵᠠᠮ ᠨᠢ ᠵᠡᠭᠦᠨᠭᠠᠷ ᠬᠤᠰᠢᠭᠤᠨ ᠤ ᠳᠣᠲᠣᠷ᠎ᠠ ᠭᠠᠳᠠᠨᠠᠬᠢ ᠶᠢ ᠬᠤᠯᠪᠣᠭᠰᠠᠨ ᠂ ᠨᠡᠭᠦᠷᠡᠰᠦᠨ ᠤ ᠲᠡᠭᠡᠭᠡᠪᠦᠷᠢ ᠶᠢ ᠠᠴᠢᠶᠠᠯᠠᠭᠰᠠᠨ ᠴᠢᠬᠤᠯᠠ ᠵᠠᠮ | ᠪᠣᠯᠤᠭᠰᠠᠨ ᠤ ᠬᠤᠪᠢ ᠳᠤ ᠂ ᠵᠠᠮ ᠳᠠᠭᠠᠤ ᠶᠢᠨ ᠰᠠᠭᠤᠭᠠᠯᠢ ᠠᠷᠠᠳ ᠵᠢᠴᠢ 30 ᠡᠷᠦᠬᠡ ᠠᠴᠠ ᠳᠡᠭᠡᠭᠰᠢᠬᠢ ᠶᠡᠭᠡ ᠪᠠᠭ᠎ᠠ ᠦᠢᠯᠡᠳᠪᠦᠷᠢ ᠠᠭᠤᠷᠬᠠᠢ ᠠᠵᠤ | ᠠᠬᠤᠶᠢᠯᠠᠯ ᠤᠨ ᠪᠠᠷᠠᠭᠠᠨ ᠤ ᠲᠡᠭᠡᠭᠡᠪᠦᠷᠢ ᠶᠢᠨ ᠵᠠᠮ ᠬᠠᠷᠢᠯᠴᠠᠭ᠎ᠠ ᠶᠢᠨ ᠳᠠᠷᠤᠭᠠᠰᠤ ᠶᠢ ᠪᠦᠲᠦᠮᠵᠢᠲᠡᠶ ᠨᠠᠮᠳᠠᠭᠤᠯᠵᠤ ᠂ G109 ᠤᠯᠤᠰ ᠤᠨ ᠵᠠᠮ ᠂ ᠷᠦᠩ ᠴᠧᠩ | ᠠᠴᠠ ᠦᠬᠠᠢ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ ᠂ ᠰᠢᠦᠸᠠᠢ ᠵᠢᠶᠠ ᠸᠠᠨ ᠤ ᠵᠡᠭᠦᠨ ᠵᠠᠯᠭᠠᠯᠲᠠ ᠶᠢᠨ ᠱᠤᠭᠤᠮ ᠤᠨ ᠵᠠᠮ ᠬᠠᠷᠢᠯᠴᠠᠭᠠᠨ ᠤ ᠲᠦᠭᠵᠢᠷᠡᠯ ᠤᠨ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠂ ︽ ᠤᠯᠤᠰ ᠮᠤᠵᠢ ᠰᠢᠶᠠᠨ ᠲᠣᠰᠬᠤᠨ ︾ ᠳᠥᠷᠪᠡᠨ ᠱᠠᠲᠤᠨ ᠤ ᠵᠠᠮ ᠤᠨ ᠲᠣᠣᠷ ᠢ ᠲᠡᠭᠦᠯᠳᠡᠷᠵᠢᠭᠦᠯᠵᠦ ᠂ ᠣᠷᠣᠨ | ᠪᠦᠰᠡ ᠶᠢᠨ ᠬᠥᠭᠵᠢᠯᠲᠡ ᠳᠤ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠬᠤ ᠪᠣᠯᠣᠨ᠎ᠠ ᠃ | 2025 ᠣᠨ ᠳᠤ ᠂ ᠵᠡᠭᠦᠨᠭᠠᠷ ᠬᠤᠰᠢᠭᠤ ᠪᠥᠬᠦ ᠵᠢᠯ ᠳᠤ 13 ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ ᠂ ᠪᠥᠬᠦ ᠣᠷᠳᠣ ᠨᠢ 150 ᠺᠢᠯᠣᠮᠧᠲᠷ ᠪᠠᠶᠢᠵᠤ ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠡᠩ ᠤᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠪᠥᠬᠦ | ᠣᠷᠳᠣ ᠨᠢ 5260 ᠺᠢᠯᠣᠮᠧᠲᠷ ᠲᠤ ᠬᠦᠷᠴᠦ ᠂ ᠪᠥᠬᠦ ᠬᠤᠰᠢᠭᠤᠨ ᠤ ᠤᠯᠤᠰ ᠂ ᠮᠤᠵᠢ ᠂ ᠰᠢᠶᠠᠨ ᠤ ᠵᠠᠮ ᠢᠶᠠᠷ ᠭᠤᠣᠯ ᠪᠣᠷᠣ ᠲᠥᠯᠥᠪ ᠪᠣᠯᠭᠠᠭᠰᠠᠨ ᠂ ᠰᠢᠶᠠᠩ ᠳᠤ | ᠨᠡᠪᠲᠡᠷᠡᠬᠦ ᠵᠠᠰᠠᠮᠠᠯ ᠵᠠᠮ ᠢᠶᠠᠷ ᠬᠦᠢᠰᠦ ᠪᠣᠯᠭᠠᠭᠰᠠᠨ ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ︵ ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨ ︶ ᠢᠶᠠᠷ ᠨᠥᠬᠦᠪᠦᠷᠢ | ᠪᠣᠯᠭᠠᠭᠰᠠᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠣᠣᠷ ᠦᠨᠳᠦᠰᠦᠨ ᠳᠡᠭᠡᠨ ᠪᠦᠷᠢᠯᠳᠦᠬᠦ ᠪᠤᠯᠤᠨ᠎ᠠ ᠃ | | | | | | | | | | | | | | | | | | | | | | | | | | | | | | | | | | | | | | | | | | | | |