| 2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ ︾ ︽ ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾ | ᠴᠠᠭ ᠤᠨ ᠲᠣᠬᠢᠷᠠᠭᠤᠯᠤᠯᠲᠠ | ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠄ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ | ᠡᠳᠦᠷ | ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠄ 5 ᠳ᠋ᠤᠭᠠᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 31 ᠤ | ᠡᠳᠦᠷ | ᠠᠵᠢᠯ ᠤᠨ ᠭᠤᠣᠯ ᠰᠡᠳᠦᠪ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠂ ᠪᠦᠯᠬᠦᠮᠳᠡᠨ ᠲᠡᠮᠡᠴᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ ᠃ | ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠨ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ | ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ | ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ ᠂ ︽ ᠳᠥᠷᠪᠡ ᠶᠢ ᠶᠡᠭᠡ ᠪᠠᠷ ᠤᠬᠠᠭᠤᠯᠬᠤ ︾ | ᠪᠠ ︽ ᠭᠤᠷᠪᠠ ᠶᠢ ᠲᠣᠳᠣᠷᠬᠠᠶᠢᠯᠠᠨ ᠶᠠᠷᠢᠬᠤ ︾ ᠯᠤᠭ᠎ᠠ ᠨᠢᠭᠲᠠ ᠤᠶᠠᠯᠳᠤᠭᠤᠯᠤᠨ ᠂ ᠨᠠᠮ ᠤᠨ ᠦᠨᠳᠦᠰᠦᠲᠡᠨ ᠤ ᠲᠤᠬᠠᠢ ᠣᠨᠣᠯ ᠤᠨ ᠲᠥᠷᠥ ᠶᠢᠨ ᠪᠣᠳᠣᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ ᠂ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ ︽ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ ᠬᠤᠶᠠᠷ ᠢ ᠬᠠᠮᠠᠭᠠᠯᠠᠬᠤ ︾ ᠶᠢ ᠡᠷᠡᠰ | ᠪᠡᠶᠡᠯᠡᠭᠦᠯᠦᠨ ᠂ ︽ ᠨᠢᠭᠡ ᠭᠤᠣᠯ ᠰᠢᠵᠢᠮ ᠢ ᠲᠤᠭᠤᠰᠢᠯᠠᠭᠤᠯᠤᠨ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠤᠨ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ︾ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠨ᠎ᠠ ᠃ | ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ︔ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠲᠤᠬᠠᠢ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ︔ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠂ ︽ ᠮᠣᠩᠭᠤᠯ ᠮᠣᠷᠢᠨ ᠤ ᠵᠣᠷᠢᠭ ᠰᠠᠨᠠᠭ᠎ᠠ ︾ ᠪᠠ ︽ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠶᠢ | ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ ᠬᠢᠯᠢ ᠶᠢᠨ ᠰᠣᠶᠣᠯ ︔ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ ︾ | ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︾ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠵᠡᠷᠭᠡ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠃ | ᠠᠵᠢᠯ ᠤᠨ ᠲᠣᠬᠢᠷᠠᠭᠤᠯᠤᠯᠲᠠ | ᠲᠤᠰᠬᠠᠢ ᠬᠦᠷᠢᠶᠡᠨ ᠳᠠᠬᠢ ᠠᠵᠢᠯ | ᠡᠨᠡ ᠵᠢᠯ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠣᠯᠳᠠᠯᠭ᠎ᠠ ᠲᠠᠢ ᠬᠠᠨᠳᠤᠭᠤᠯᠤᠨ ᠂ ᠠᠯᠪᠠᠨ ᠪᠠᠶᠢᠭᠤᠯᠭ᠎ᠠ ᠂ ᠠᠵᠤ ᠠᠬᠤᠶᠢᠯᠠᠯ ᠂ ᠰᠤᠷᠭᠠᠭᠤᠯᠢ ᠂ | ᠴᠡᠷᠢᠭ ᠤᠨ ᠰᠤᠮᠤᠨ ᠠᠩᠭᠢ ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠂ ᠰᠦᠯᠵᠢᠶ᠎ᠡ ᠵᠡᠷᠭᠡ 9 | ᠬᠦᠷᠢᠶ᠎ᠡ ᠴᠠᠷᠠᠭ᠎ᠠ ᠵᠢᠴᠢ ᠨᠡᠶᠢᠭᠡᠮ ᠤᠨ ᠡᠯ᠎ᠡ ᠬᠦᠷᠢᠶ᠎ᠡ ᠶᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠢᠶᠠᠨ ᠥᠷᠨᠢᠭᠦᠯᠦᠨ᠎ᠡ ᠃ | ᠠᠯᠪᠠᠨ ᠪᠠᠶᠢᠭᠤᠯᠭ᠎ᠠ ᠳᠤ ᠦᠷᠨᠢᠭᠦᠯᠦᠨ᠎ᠡ | ︽ ᠭᠤᠷᠪᠠᠨ ᠬᠤᠷᠠᠯ ᠨᠢᠭᠡ ᠬᠢᠴᠢᠶᠡᠯ ︾ ᠂ ᠨᠠᠮ ᠤᠨ ᠭᠤᠣᠯ ᠰᠡᠳᠦᠪᠲᠦ ᠡᠳᠦᠷ ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ ᠲᠥᠷᠥ ᠣᠨᠣᠯ ᠤᠨ | ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠢ ᠲᠠᠨᠢᠭᠤᠯᠤᠨ᠎ᠠ ᠃ ᠠᠯᠪᠠᠨ | ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠂ ᠠᠵᠢᠯ ᠠᠴᠠ ᠪᠠᠨ ᠠᠮᠠᠷᠠᠭᠰᠠᠨ ᠺᠠᠳ᠋ᠷ ᠂ ᠲᠤᠰᠬᠠᠢ ᠮᠡᠷᠭᠡᠵᠢᠯᠲᠡᠨ ᠡᠷᠳᠡᠮᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠡ ᠃ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ ᠂ ᠬᠤᠶᠠᠷ ᠲᠤ ᠮᠡᠳᠡᠭᠦᠯᠦᠨ ᠬᠤᠶᠠᠷ ᠲᠤ | ᠦᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ | ᠰᠢᠢᠳᠪᠦᠷᠢᠯᠡᠨ ᠭᠦᠢᠴᠡᠳᠬᠡᠵᠦ ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠤᠬᠠᠢ ᠤᠨᠤᠯ | ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ | ᠳᠠᠭᠤᠷᠢᠶᠠᠯ ᠪᠣᠯᠵᠤ ᠂ ᠦᠯᠢᠭᠡᠷ ᠳᠠᠭᠤᠷᠢᠶᠠᠯ ᠦᠵᠡᠭᠦᠯᠦᠨ᠎ᠡ ᠃ | ᠠᠵᠤ ᠠᠬᠤᠶᠢᠯᠠᠯ ᠳᠤ ᠦᠷᠨᠢᠭᠦᠯᠦᠨ᠎ᠡ | ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ︾ ᠯᠤᠭ᠎ᠠ ᠤᠶᠠᠯᠳᠤᠭᠤᠯᠤᠨ ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ | ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ ᠃ | ᠰᠤᠷᠤᠯᠴᠠᠯᠭ᠎ᠠ ᠂ ᠪᠣᠯᠪᠠᠰᠤᠷᠠᠯ ᠂ ᠲᠥᠷᠥ ᠶᠢᠨ ᠪᠣᠳᠣᠯᠭ᠎ᠠ ᠂ ᠬᠠᠤᠯᠢ ᠴᠠᠭᠠᠵᠠ ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ ᠠᠩᠭᠢ ᠳᠤᠭᠤᠶᠢᠯᠠᠩ ᠳᠤ | ᠬᠦᠷᠭᠡᠬᠦ ᠠᠵᠢᠯ ᠢ ᠦᠷᠨᠢᠭᠦᠯᠦᠨ ᠂ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠶᠠᠷᠢᠭᠤᠯᠵᠤ ᠂ ᠬᠠᠮᠲᠤ ᠶᠢᠨ ᠠᠵᠢᠯᠯᠠᠭ᠎ᠠ ᠵᠢᠴᠢ ᠰᠢᠯᠢᠳᠡᠭ ᠨᠠᠮ ᠤᠨ ᠭᠡᠰᠢᠭᠦᠨ ᠂ ᠠᠵᠢᠯ | ᠲᠦᠷᠦᠯ ᠤᠨ ᠬᠤᠰᠢᠭᠤᠴᠢᠯᠠᠭᠴᠢ ᠂ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠳ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠭᠤᠣᠯ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠢᠯᠲᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ | ᠬᠤᠯᠪᠣᠯᠳᠤᠭᠤᠯᠤᠭᠰᠠᠨ ︽ ᠰᠡᠳᠬᠢᠯ ᠤᠨ ᠬᠤᠯᠪᠣᠭᠠᠰᠤ ︾ ᠶᠢ ᠪᠠᠶᠢᠭᠤᠯᠵᠤ ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ ᠃ | ᠨᠡᠶᠢᠭᠡᠮ ᠲᠣᠭᠤᠷᠢᠭ ᠲᠤ ᠦᠷᠨᠢᠭᠦᠯᠦᠨ᠎ᠡ | ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠠᠳᠠᠯ ᠠᠬᠤᠢ ᠶᠢᠨ ᠬᠢᠨ ᠤ | ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠠᠳᠠᠯ ᠠᠬᠤᠢ ᠶᠢᠨ ᠸᠢᠴᠠᠲ ᠤᠨ ᠴᠤᠭᠯᠠᠷᠠᠯ ᠂ ᠬᠤᠪᠢᠰᠬᠠᠯᠲᠤ ᠰᠦᠯᠵᠢᠶᠡᠨ ᠤ ᠴᠤᠭᠯᠠᠷᠠᠯ ᠂ ᠦᠵᠡᠭᠦᠯᠭᠡ ᠶᠢᠨ ᠰᠠᠮᠪᠠᠷ᠎ᠠ | ᠵᠡᠷᠭᠡ ᠶᠢ ᠠᠰᠢᠭᠯᠠᠨ ᠂ ᠠᠷᠠᠳ ᠲᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠬᠢᠭᠡᠳ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠨᠢᠭᠲᠠ | ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠣᠭᠯᠠᠨ ᠨᠡᠪᠲᠡᠷᠡᠭᠦᠯᠬᠦ ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠨ | ᠬᠠᠪᠰᠤᠷᠤᠯᠴᠠᠬᠤ ᠰᠢᠷᠢᠰ ᠠᠵᠢᠯᠯᠠᠭ᠎ᠠ ᠶᠢ ᠦᠷᠨᠢᠭᠦᠯᠦᠨ ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠨ ᠬᠠᠮᠲᠤ ᠪᠠᠷ ᠰᠤᠷᠤᠯᠴᠠᠬᠤ ᠂ | ᠬᠠᠮᠲᠤ ᠪᠠᠷ ᠪᠠᠶᠢᠭᠤᠯᠵᠤ ᠬᠠᠮᠲᠤ ᠪᠠᠷ ᠬᠥᠷᠲᠡᠬᠦ ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠢ ᠪᠣᠢ ᠪᠣᠯᠭᠠᠨ᠎ᠠ ᠃ | ᠭᠠᠴᠠᠭ᠎ᠠ ᠲᠣᠰᠬᠤᠨ ᠳᠤ ᠦᠷᠨᠢᠭᠦᠯᠦᠨ᠎ᠡ | ︽ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ ︾ ᠠᠵᠢᠯᠯᠠᠭᠠᠨ ᠢ ᠬᠢᠨᠠᠮᠠᠭᠠᠢ ᠨᠠᠶᠢᠳᠠᠪᠤᠷᠢᠵᠢᠭᠤᠯᠵᠤ ᠂ ᠭᠠᠴᠠᠭ᠎ᠠ | ᠲᠣᠰᠬᠤᠨ ᠤ ︽ ᠬᠤᠶᠠᠷ ᠵᠥᠪᠯᠡᠯ ︾ ᠤᠨ ᠪᠠᠭ ᠤᠨ ᠪᠦᠷᠢᠯᠳᠦᠭᠦᠨ ᠂ ᠲᠣᠰᠬᠤᠨ ᠳᠤ ᠰᠠᠭᠤᠭᠰᠠᠨ ᠠᠵᠢᠯᠯᠠᠬᠤ ᠠᠩᠭᠢ ᠂ ᠠᠬᠠᠮᠠᠳ ᠨᠠᠮ ᠤᠨ ᠭᠡᠰᠢᠭᠦᠨ ᠂ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠪᠠᠷ ᠰᠤᠷᠪᠤᠯᠵᠢᠯᠠᠵᠤ ᠂ | ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠬᠠᠮᠲᠤ ᠪᠠᠷ ᠵᠣᠭᠤᠭ ᠳᠡᠯᠭᠡᠨ ᠂ ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠯ | ᠰᠠᠴᠤᠷᠠᠩᠭᠤᠢ ᠠᠮᠵᠢᠯᠲᠠ ᠪᠦᠲᠦᠮᠵᠢ ᠶᠢ ᠶᠠᠷᠢᠯᠴᠠᠵᠤ ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠦᠢᠯᠡᠳᠦᠯᠭᠡ ᠳᠤ ᠣᠷᠣᠯᠴᠠᠭᠤᠯᠤᠨ᠎ᠠ ᠃ ︽ ᠨᠠᠮ ᠤᠨ ᠠᠴᠢ ᠳᠤ ᠲᠠᠯᠠᠷᠬᠠᠨ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ︾ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠯᠲᠠ ᠬᠢᠭᠡᠳ ︽ ᠠᠨᠠᠷ ᠤᠨ ᠬᠡᠯᠬᠢᠶ᠎ᠡ ︾ ᠲᠦᠷᠦ ᠶᠢᠨ ᠪᠣᠳᠣᠯᠭ᠎ᠠ ᠂ ᠮᠡᠷᠭᠡᠵᠢᠯ ᠂ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ | ᠠᠵᠢᠯᠯᠠᠭ᠎ᠠ ᠯᠤᠭ᠎ᠠ ᠤᠶᠠᠯᠳᠤᠭᠤᠯᠤᠨ ᠦᠨᠳᠦᠰᠦᠲᠡᠨ ᠤ 18 ᠰᠢᠶᠠᠩ ︵ ᠰᠤᠮᠤ ︶ ᠳᠤ ᠭᠦᠨᠵᠡᠭᠡᠶᠢᠷᠡᠵᠦ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ ᠃ | ᠰᠤᠷᠭᠠᠭᠤᠯᠢ ᠨᠤᠭᠤᠳ ᠲᠤ ᠦᠷᠨᠢᠭᠦᠯᠦᠨ᠎ᠡ | ᠵᠠᠯᠠᠭᠤᠴᠤᠳ ᠪᠠᠭᠠᠴᠤᠳ ᠤᠨ ᠣᠨᠴᠠᠯᠢᠭ ᠯᠤᠭ᠎ᠠ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠳᠠᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠠᠵᠢᠯᠯᠠᠭ᠎ᠠ ᠶᠢ ᠤᠯᠠᠨ ᠶᠠᠩᠵᠤ ᠪᠠᠷ ᠂ ᠪᠠᠶᠠᠯᠢᠭ ᠬᠡᠯᠪᠡᠷᠢ ᠲᠠᠢ ᠥᠷᠨᠢᠭᠦᠯᠦᠨ᠎ᠡ ᠃ ︽ ᠰᠤᠷᠭᠠᠭᠤᠯᠢ ᠳᠤ | ᠣᠷᠣᠬᠤ ᠨᠠᠰᠤᠨ ᠠᠴᠠ ᠡᠮᠦᠨᠡᠬᠢ ᠨᠡᠶᠢᠲᠡᠯᠢᠭ ᠬᠡᠯᠡ ︾ ᠶᠢᠨ ᠰᠤᠷᠭᠠᠨ ᠬᠥᠮᠦᠵᠢᠯ ᠤᠨ ᠲᠤᠰᠬᠠᠢ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ | ᠬᠡᠦᠬᠡᠳ ᠤᠨ ᠤᠶᠤᠨ ᠰᠠᠨᠠᠭᠠᠨ ᠳᠤ ᠬᠠᠳᠠᠩᠰᠢᠭᠤᠯᠤᠨ᠎ᠠ ᠃ | ᠴᠡᠷᠢᠭ ᠤᠨ ᠰᠤᠮᠤᠨ ᠠᠩᠭᠢ ᠳᠤ ᠦᠷᠨᠢᠭᠦᠯᠦᠨ᠎ᠡ | ᠨᠠᠮ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ ᠂ ᠡᠯ᠎ᠡ ᠲᠥᠷᠥᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠂ ᠶᠡᠭᠡ | ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠳᠤᠮᠳᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠ ᠬᠠᠤᠯᠢ ᠪᠠᠷ ᠵᠠᠰᠠᠬᠤ ᠬᠥᠮᠦᠵᠢᠯ ᠤᠨ ᠬᠠᠪᠰᠤᠷᠤᠨ ᠵᠢᠯᠤᠭᠤᠳᠬᠤ ᠬᠢᠴᠢᠶᠡᠯ ᠢ ᠲᠣᠬᠢᠷᠠᠭᠤᠯᠵᠤ ᠂ ᠬᠠᠪᠰᠤᠷᠤᠨ ᠳᠠᠭᠠᠭᠤᠯᠵᠤ ᠬᠠᠪᠰᠤᠷᠤᠨ | ᠪᠠᠶᠢᠭᠤᠯᠬᠤ ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ ᠵᠡᠷᠭᠡ ᠯᠦᠭᠡ ᠤᠶᠠᠯᠳᠤᠭᠤᠯᠤᠨ ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ ᠂ | ᠦᠨᠳᠦᠰᠦᠲᠡᠨ ᠨᠦᠭᠦᠳ ᠤᠨ ᠵᠢᠯᠣᠭᠤᠳᠤᠭᠴᠢ ᠪᠠᠶᠢᠯᠳᠤᠭᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠣᠷᠣᠯᠴᠠᠭᠤᠯᠤᠨ᠎ᠠ ᠃ | ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠦᠷᠨᠢᠭᠦᠯᠦᠨ᠎ᠡ | ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠲᠤᠬᠠᠢ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ | ᠰᠤᠷᠲᠠᠬᠤᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ ᠂ ᠡᠬᠡ ᠣᠷᠣᠨᠴᠢ ᠦᠵᠡᠯ ᠤᠨ ᠬᠥᠮᠦᠵᠢᠯ ᠂ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ | ᠬᠥᠮᠦᠵᠢᠯ ᠢ ᠥᠷᠨᠢᠭᠦᠯᠵᠦ ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ | ᠦᠨᠳᠦᠰᠦᠲᠡᠨ ᠤ ᠪᠦᠯᠬᠦᠮᠳᠡᠯ ᠂ ᠱᠠᠰᠢᠨ ᠰᠤᠷᠲᠠᠬᠤᠨ ᠤ ᠡᠶ᠎ᠡ ᠵᠣᠬᠢᠴᠠᠯ ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠪᠣᠯᠭᠠᠨ᠎ᠠ ᠃ | ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠲᠤ ᠦᠷᠨᠢᠭᠦᠯᠦᠨ᠎ᠡ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ ᠲᠡᠦᠬᠡ ᠶᠢᠨ ᠳᠤᠷᠠᠰᠬᠠᠯᠲᠤ ᠵᠦᠢᠯ ᠪᠠ ᠲᠡᠦᠬᠡ ᠶᠢᠨ ᠪᠣᠳᠠᠲᠤ | ᠬᠡᠷᠡᠭ ᠢᠶᠠᠷ ᠠᠴᠢᠶᠠᠯᠠᠪᠤᠷᠢ ᠪᠣᠯᠭᠠᠵᠤ ᠂ ᠵᠢᠷᠤᠭ ᠦᠰᠦᠭ ᠬᠤᠣᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ ᠂ ᠪᠦᠷᠢᠨ ᠵᠠᠭᠤᠴᠢᠲᠤ ᠳᠡᠯᠭᠡᠨ ᠦᠵᠡᠭᠦᠯᠭᠡ | ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠂ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠨ᠎ᠠ ᠃ ᠣᠲᠣ ᠪᠠᠶᠢᠭ᠎ᠠ ᠳᠡᠯᠭᠡᠨ ᠦᠵᠡᠭᠦᠯᠭᠡ ᠶᠢᠨ | ᠪᠠᠶᠢᠷᠢᠰᠢᠯ ᠯᠤᠭ᠎ᠠ ᠤᠶᠠᠯᠳᠤᠭᠤᠯᠤᠨ ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠵᠦ ᠬᠠᠮᠲᠤ ᠪᠠᠷ ᠬᠥᠷᠲᠡᠭᠰᠡᠨ ᠳᠤᠮᠳᠠᠳᠤ ᠶᠢᠨ ᠰᠣᠶᠣᠯ ᠤᠨ ᠲᠡᠮᠳᠡᠭ ᠪᠠ | ᠳᠦᠷᠢ ᠲᠥᠷᠬᠦ ᠶᠢ ᠰᠢᠭᠢᠳᠬᠡᠨ ᠣᠷᠣᠭᠤᠯᠵᠤ ᠂ ᠤᠬᠠᠭᠤᠯᠤᠨ ᠳᠡᠯᠭᠡᠨ ᠦᠵᠡᠭᠦᠯᠬᠦ ᠪᠠᠨ ᠴᠢᠩᠭᠠᠳᠬᠠᠨ ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ ᠂ | ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠬᠤ ᠴᠢᠬᠤᠯᠠ ᠴᠣᠩᠬᠤᠪᠴᠢ ᠪᠣᠯᠭᠠᠨ᠎ᠠ ᠃ | ᠰᠦᠯᠵᠢᠶᠡᠨ ᠳᠤ ᠦᠷᠨᠢᠭᠦᠯᠦᠨ᠎ᠡ | ︽ ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︾ ᠠᠵᠢᠯᠯᠠᠭᠠᠨ ᠢ ᠭᠦᠨᠵᠡᠭᠡᠢ | ᠬᠡᠷᠡᠭᠵᠢᠭᠦᠯᠵᠦ ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠫᠣᠷᠲ᠋ᠧᠯ ᠰᠦᠯᠵᠢᠶ᠎ᠡ | ᠪᠤᠶᠤ ᠸᠢᠴᠠᠲ ᠤᠨ ᠨᠡᠶᠢᠲᠡ ᠶᠢᠨ ᠲᠠᠪᠴᠠᠩ ᠳᠤ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ | ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ ᠃ ᠡᠯ᠎ᠡ ᠭᠤᠣᠯ ᠪᠣᠯᠬᠤ ᠵᠠᠭᠤᠴᠢᠯᠠᠭᠤᠷ ᠤᠨ ᠬᠢᠨ | ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠰᠦᠯᠵᠢᠶᠡᠨ ᠤ ᠢᠷᠭᠡᠳ ᠤᠨ ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠤ᠋ | ᠵᠡᠷᠭᠡ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠪᠣᠯᠭᠠᠨ᠎ᠠ ᠃ | ᠡᠯ᠎ᠡ ᠬᠦᠷᠢᠶ᠎ᠡ ᠴᠠᠷᠠᠭᠠᠨ ᠳᠤ ᠦᠷᠨᠢᠭᠦᠯᠦᠨ᠎ᠡ | ᠡᠯ᠎ᠡ ᠠᠵᠢᠯ ᠲᠦᠷᠦᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠂ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ | ᠢᠳᠡᠪᠬᠢᠲᠡᠢ ᠰᠢᠨ᠎ᠡ ᠶᠢ ᠡᠭᠦᠳᠴᠦ ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ | ᠤᠬᠠᠭᠤᠯᠤᠨ ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠶᠢᠨ ᠤᠬᠠᠮᠰᠠᠷ ᠂ ᠡᠵᠡᠨ ᠬᠥᠮᠥᠨ ᠤ ᠤᠬᠠᠮᠰᠠᠷ ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠬᠤ ᠪᠣᠯᠭᠠᠨ᠎ᠠ ᠃ | | ᠭᠤᠣᠯ ᠲᠠᠯᠠᠪᠤᠷ ᠤᠨ ᠭᠤᠣᠯᠳᠠᠯᠭ᠎ᠠ ᠪᠣᠯᠬᠤ ᠠᠵᠢᠯ | ᠭᠤᠣᠯ ᠲᠠᠯᠠᠪᠤᠷ ᠤᠨ ᠠᠵᠢᠯᠯᠠᠭ᠎ᠠ | 4 ᠳ᠋ᠦ᠋ᠭᠡᠷ ᠰᠠᠷ᠎ᠠ ᠶᠢᠨ ᠰᠡᠭᠦᠯᠴᠢ ᠪᠠᠷ ᠂ ᠦᠬᠠᠢ ᠬᠤᠲᠠ ᠳᠤ ᠪᠥᠬᠦ ᠣᠷᠣᠨ ᠤ ︽ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠰᠠᠷ᠎ᠠ ︾ ᠶᠢᠨ ᠭᠤᠣᠯ ᠲᠠᠯᠠᠪᠤᠷ ᠤᠨ ᠠᠵᠢᠯᠯᠠᠭ᠎ᠠ ᠶᠠᠪᠤᠭᠳᠠᠭᠤᠯᠤᠨ᠎ᠠ ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠷᠢᠰ ᠠᠵᠢᠯᠯᠠᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠵᠢᠷᠤᠭᠲᠤ ᠵᠠᠷ ᠪᠠ ᠤᠬᠠᠭᠤᠯᠭ᠎ᠠ ᠶᠢᠨ ᠣᠬᠤᠷ | ᠸᠢᠳᠢᠣ᠋ ᠡᠯᠰᠡᠬᠦ ᠠᠵᠢᠯᠯᠠᠭ᠎ᠠ ᠳᠤ ᠱᠠᠩᠨᠠᠯ ᠭᠥᠷᠳᠡᠭᠰᠡᠨ ᠪᠦᠲᠦᠭᠡᠯ ᠢ ᠨᠡᠶᠢᠲᠡᠯᠡᠵᠦ ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠫᠤᠷᠲ᠋ᠧᠯ ᠰᠦᠯᠵᠢᠶ᠎ᠡ ᠪᠠ ᠸᠢᠴᠠᠲ ᠤᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ | ᠦᠵᠡᠭᠦᠯᠦᠨ᠎ᠡ ᠂ ᠲᠡᠳᠡᠭᠡᠷ ᠢ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠪᠠᠭᠤᠯᠭᠠᠨ ᠠᠪᠴᠤ ᠤᠬᠠᠭᠤᠯᠬᠤ ᠳᠤ ᠬᠡᠷᠡᠭᠯᠡᠵᠦ ᠪᠣᠯᠣᠨ᠎ᠠ ᠃ ︽ ᠭᠡᠷᠡᠯ ᠵᠢᠷᠤᠭ ᠲᠠᠬᠢ | ᠤᠮᠠᠷᠠᠲᠤ ᠬᠢᠯᠢ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠦᠯᠢᠭᠡᠷ ︾ ᠭᠡᠬᠦ ᠭᠡᠷᠡᠯ ᠵᠢᠷᠤᠭ ᠤᠨ ᠪᠦᠲᠦᠭᠡᠯ ᠡᠯᠰᠡᠬᠦ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ᠎ᠡ ᠃ | ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠠᠵᠢᠯᠯᠠᠭ᠎ᠠ | ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ ᠂ ᠤᠯᠠᠨ ᠠᠷᠭ᠎ᠠ ᠵᠠᠮ ᠢᠶᠠᠷ ᠤᠬᠠᠭᠤᠯᠭ᠎ᠠ ᠶᠢᠨ ᠠᠵᠢᠯ ᠢᠶᠠᠨ ᠰᠠᠶᠢᠲᠤᠷ ᠬᠢᠨ᠎ᠡ ᠃ ᠡᠯ᠎ᠡ ᠱᠠᠲᠤᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠦᠨ᠎ᠡ ᠃ | ᠡᠯ᠎ᠡ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ ᠤᠨ ᠬᠢᠨ ᠬᠤᠯᠪᠤᠭᠠᠯᠠᠨ ᠰᠤᠷᠤᠯᠴᠠᠵᠤ ᠬᠤᠯᠪᠤᠭᠠᠯᠠᠨ ᠪᠠᠶᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ ᠃ | ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ | ︽ ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾ ᠤᠨ ᠬᠤᠭᠤᠴᠠᠭᠠᠨ ᠳᠤ ᠂ ᠨᠠᠮ ᠤᠨ ᠦᠨᠳᠦᠰᠦᠲᠡᠨ ᠤ ᠲᠤᠬᠠᠢ ᠣᠨᠣᠯ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ ᠂ ᠡᠯ᠎ᠡ ᠰᠠᠯᠠᠭ᠎ᠠ ᠮᠥᠴᠢᠷ ᠨᠢᠭᠡᠴᠢ ᠶᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ ᠂ ᠠᠵᠢᠯᠯᠠᠭ᠎ᠠ ᠶᠢᠨ ᠴᠥᠷᠬᠡᠯᠡᠭᠡ ᠶᠢ ᠸᠢᠴᠠᠲ ᠤᠨ | ᠨᠡᠶᠢᠲᠡ ᠶᠢᠨ ᠲᠠᠪᠴᠠᠩ ᠢᠶᠠᠷ ᠢᠳᠡᠪᠬᠢᠲᠡᠢ ᠳᠠᠮᠵᠢᠭᠤᠯᠤᠨ ᠲᠠᠷᠬᠠᠭᠠᠵᠤ ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ ᠂ ᠨᠡᠶᠢᠭᠡᠮ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ ᠃ | ᠤᠬᠠᠭᠤᠯᠭ᠎ᠠ ᠶᠢᠨ ᠣᠬᠤᠷ ᠮᠡᠳᠡᠭᠡ ᠳᠠᠮᠵᠢᠭᠤᠯᠬᠤ ᠠᠵᠢᠯᠯᠠᠭ᠎ᠠ | 5 ᠳ᠋ᠤᠭᠠᠷ ᠰᠠᠷ᠎ᠠ ᠶᠢᠨ ᠡᠬᠢ ᠪᠠᠷ ᠂ ᠰᠢᠯᠵᠢᠮᠡᠯ ᠬᠤᠯᠪᠣᠭ᠎ᠠ ᠂ ᠨᠢᠭᠡᠳᠦᠮᠡᠯ ᠬᠤᠯᠪᠣᠭ᠎ᠠ ᠂ ᠴᠠᠬᠢᠯᠭᠠᠨ ᠬᠤᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠢᠶᠠᠷ | ᠳᠠᠮᠵᠢᠭᠤᠯᠤᠨ ᠂ ᠪᠥᠬᠦ ᠣᠷᠣᠨ ᠤ ᠭᠠᠷ ᠤᠲᠠᠰᠤᠨ ᠤ ᠬᠡᠷᠡᠭᠯᠡᠭᠴᠢᠳ ᠲᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠢ ᠳᠠᠮᠵᠢᠭᠤᠯᠤᠨ᠎ᠠ ᠃ | ᠠᠵᠢᠯ ᠤᠨ ᠱᠠᠭᠠᠷᠳᠠᠯᠭ᠎ᠠ | ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠤ ᠪᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ ᠂ ᠴᠠᠭ ᠬᠡᠮᠵᠢᠶ᠎ᠡ ᠪᠦᠲᠦᠮᠵᠢ ᠪᠠᠨ ᠡᠵᠡᠮᠳᠡᠬᠦ ᠬᠡᠷᠡᠭᠲᠡᠢ ︔ ᠠᠷᠭ᠎ᠠ | ᠬᠡᠯᠪᠡᠷᠢ ᠠᠷᠭ᠎ᠠ ᠮᠠᠶ᠋ᠢᠭ ᠢ ᠠᠩᠬᠠᠷᠴᠤ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠨ ᠂ ᠱᠠᠲᠤ ᠱᠠᠲᠤ ᠪᠠᠷ ᠠᠵᠢᠯ ᠤᠨ ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠢ ᠂ | ᠦᠨᠳᠦᠰᠦᠨ ᠱᠠᠲᠤᠨ ᠤ ᠳᠠᠷᠤᠭᠠᠰᠤ ᠶᠢ ᠨᠢ ᠨᠡᠮᠡᠭᠳᠡᠭᠦᠯᠵᠦ ᠪᠣᠯᠬᠤ ᠦᠭᠡᠢ ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠠᠷᠬᠠᠨ ᠬᠦᠯᠢᠶᠡᠨ ᠠᠪᠬᠤ | ᠬᠡᠯᠪᠡᠷᠢ ᠪᠠᠷ ᠤᠬᠠᠭᠤᠯᠭ᠎ᠠ ᠶᠢᠨ ᠠᠵᠢᠯ ᠢᠶᠠᠨ ᠥᠷᠨᠢᠭᠦᠯᠵᠦ ᠂ ᠪᠣᠳᠠᠲᠤ ᠬᠡᠷᠡᠭ ᠲᠤᠭ᠎ᠠ ᠪᠠᠷᠢᠮᠲᠠ ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ | ᠲᠣᠳᠣᠷᠬᠠᠶᠢᠯᠠᠬᠤ ᠳᠤ ᠪᠠᠨ ᠴᠢᠳᠠᠮᠠᠭᠠᠢ ᠪᠠᠶᠢᠬᠤ ᠬᠡᠷᠡᠭᠲᠡᠢ ︔ ᠪᠦᠲᠦᠮᠵᠢᠲᠡᠶ ᠲᠤᠷᠰᠢᠯᠭ᠎ᠠ ᠪᠠ ᠠᠷᠭ᠎ᠠ ᠶᠢ ᠴᠠᠭ ᠲᠤᠬᠠᠢ ᠳᠤ ᠨᠢ ᠳ᠋ᠦᠩᠨᠡᠵᠦ ᠂ ᠨᠠᠮ ᠤᠨ | ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠃ | | |