| ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ | ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ ᠭᠦᠷᠪᠠ ᠃ | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠤ | ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ | ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ ᠭᠦᠷᠪᠠ ᠃ | ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ ᠃ ᠵᠢᠷᠤᠭ ᠪᠣᠯ ᠰᠢ ᠶᠢᠨ ᠫᠢᠩ ᠶᠣᠰᠣᠯᠠᠯ ᠤᠨ | ᠠᠩᠭᠢ ᠶᠢ ᠰᠢᠯᠭᠠᠨ ᠦᠵᠡᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠤᠷᠤᠰ ᠤᠨ ᠬᠠᠷᠢᠶ᠎ᠠ ᠣᠭᠲᠠᠷᠭᠤᠢ ᠳᠤ ᠣᠷᠣᠭᠰᠠᠨ ᠤ ᠳᠠᠷᠠᠭ᠎ᠠ ᠂ ᠤᠷᠤᠰ ᠤᠨ ᠠᠭᠠᠷ ᠤᠨ ᠴᠡᠷᠢᠭ ᠤᠨ | ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ ᠃ | ᠰᠢ ᠶᠢᠨ ᠫᠢᠩ ᠮᠣᠰᠺᠸᠠ ᠶᠢᠨ ᠹᠦᠨᠦ᠋ᠺᠧᠸᠧ ᠲᠤᠰᠬᠠᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ ᠂ ᠤᠷᠤᠰ ᠤᠨ ᠳᠡᠳ᠋ ᠶᠡᠷᠦᠩᠬᠡᠢ ᠰᠠᠶᠢᠳ ᠭᠧᠯᠢᠺᠸᠧᠠ | ᠵᠡᠷᠭᠡ ᠵᠠᠰᠠᠭ ᠤᠨ ᠣᠷᠳᠣᠨ ᠤ ᠳᠡᠭᠡᠳᠦ ᠲᠡᠰ ᠤᠨ ᠠᠯᠪᠠᠨ ᠲᠤᠰᠢᠶᠠᠯᠲᠠᠨ ᠬᠠᠯᠠᠭᠤᠨ ᠢᠶᠠᠷ ᠤᠭᠲᠤᠨ ᠠᠪᠤᠪᠠ ᠃ | ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ ᠃ ᠴᠡᠷᠢᠭ ᠤᠨ ᠬᠥᠭᠵᠢᠮ ᠤᠨ ᠪᠦᠯᠭᠦᠮ | ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ | ᠪᠥᠭᠡᠳ ᠵᠢᠭᠰᠠᠭᠠᠯ ᠢ ᠰᠣᠨᠢᠷᠬᠠᠪᠠ ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠤ ᠡᠮᠦᠨ᠎ᠡ ᠠᠴᠠ ᠤᠷᠤᠰ ᠤᠨ ᠵᠠᠰᠠᠭ ᠤᠨ ᠣᠷᠳᠣᠨ ᠪᠣᠯᠣᠨ ᠤᠷᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ | ᠵᠥᠩᠨᠡᠯ ᠳᠡᠪᠰᠢᠭᠦᠯᠪᠡ ᠃ | ᠰᠢ ᠶᠢᠨ ᠫᠢᠩ ᠂ ᠳᠤᠮᠳᠠᠳᠤ ᠤᠯᠤᠰ ᠪᠣᠯᠣᠨ ᠤᠷᠤᠰ ᠪᠣᠯ ᠰᠢᠯᠵᠢᠰᠢ ᠦᠭᠡᠢ ᠰᠠᠶᠢᠨ ᠬᠥᠷᠰᠢ ᠂ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠵᠢᠩᠬᠢᠨᠢ | ᠨᠠᠶᠢᠵᠠ ᠂ ᠬᠠᠷᠢᠯᠴᠠᠨ ᠠᠮᠵᠢᠯᠲᠠ ᠣᠯᠬᠤ ᠶᠢ ᠠᠬᠢᠭᠤᠯᠤᠭᠰᠠᠨ ᠰᠠᠶᠢᠨ ᠬᠠᠨᠢᠲᠠᠨ ᠶᠤᠮ ᠃ ᠬᠤᠶᠠᠷ ᠲᠠᠯ᠎ᠠ ᠪᠠᠷ ᠢᠶᠠᠨ ᠬᠥᠷᠰᠢ ᠵᠡᠷᠭᠡᠯᠡᠳᠡᠭᠡ ᠲᠣᠮᠣ ᠤᠯᠤᠰ ᠤᠨ ᠵᠥᠪ | ᠣᠨᠣᠪᠴᠢᠲᠠᠢ ᠬᠠᠷᠢᠯᠴᠠᠬᠤ ᠵᠠᠮ ᠢ ᠨᠢᠭᠡᠨᠲᠡ ᠰᠦᠪᠡᠭᠴᠢᠯᠡᠵᠦ ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠵᠣᠷᠢᠭ ᠰᠠᠨᠠᠭ᠎ᠠ ᠶᠢ ᠴᠣᠭᠴᠠᠯᠠᠪᠠ ᠃ ᠪᠡᠶ᠎ᠡ ᠪᠠᠨ ᠳᠠᠭᠠᠭᠠᠵᠤ ᠡᠵᠡᠨ ᠮᠡᠳᠡᠬᠦ ᠂ ᠪᠣᠯᠪᠠᠰᠤᠷᠠᠩᠭᠤᠢ ᠪᠥᠭᠡᠳ ᠳᠠᠭᠠᠭᠠᠮᠠᠭᠠᠢ ᠳᠤᠮᠳᠠᠳᠤ ᠣᠷᠣᠰ ᠤᠨ ᠬᠠᠷᠢᠯᠴᠠᠭ᠎ᠠ ᠨᠢ | ᠬᠤᠶᠠᠷ ᠤᠯᠤᠰ ᠤᠨ ᠠᠷᠠᠳ ᠲᠦᠮᠡᠨ ᠳᠤ ᠯᠤᠲᠤ ᠶᠡᠭᠡ ᠠᠵᠠ ᠵᠢᠷᠭᠠᠯ ᠣᠯᠭᠤᠭᠰᠠᠨ ᠪᠥᠭᠡᠳ ᠪᠠᠰᠠ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ | ᠲᠣᠭᠲᠠᠭᠤᠨ ᠪᠠᠶᠢᠳᠠᠯ ᠢ ᠬᠠᠮᠠᠭᠠᠯᠠᠬᠤ ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠵᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠵᠡᠢ ᠃ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ ᠃ ᠳᠤᠮᠳᠠᠳᠤ ᠤᠷᠤᠰ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠪᠠ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ ᠂ ᠳᠡᠯᠡᠬᠡᠢ ᠶᠢᠨ | ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠭᠠᠷ ᠬᠤᠯᠪᠣᠨ ᠬᠠᠮᠠᠭᠠᠯᠠᠵᠤ ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ | ᠡᠷᠡᠰ ᠡᠰᠡᠷᠭᠦᠴᠡᠵᠦ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ ᠃ ᠪᠢ ᠶᠡᠷᠦᠩᠬᠡᠶᠢᠯᠡᠭᠴᠢ ᠫᠦᠲ᠋ᠢᠨ ᠯᠦᠭᠡ ᠬᠤᠶᠠᠷ ᠲᠠᠯ᠎ᠠ ᠶᠢᠨ ᠬᠠᠷᠢᠯᠴᠠᠭ᠎ᠠ ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠵᠤ ᠂ ᠳᠤᠮᠳᠠᠳᠤ | ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ︔ ᠣᠯᠠᠨ ᠤᠯᠤᠰ ᠤᠨ ᠤᠳᠤᠷᠢᠳᠬᠤ ᠬᠥᠮᠥᠰ ᠪᠣᠯᠣᠨ ᠣᠷᠣᠰ ᠤᠨ | ᠠᠷᠠᠳ ᠲᠦᠮᠡᠨ ᠲᠠᠢ ᠬᠠᠮᠲᠤ ᠪᠠᠷ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ | ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ ᠂ ᠣᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠠᠭ ᠦᠶ᠎ᠡ ᠶᠢᠨ ᠬᠦᠴᠦᠷᠬᠡᠭ | ᠳᠠᠭᠤᠨ ᠢ ᠬᠠᠮᠲᠤ ᠪᠠᠷ ᠴᠤᠤᠷᠢᠶᠠᠲᠤᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠼᠠᠢ ᠴᠢ ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ ᠃ | ᠤᠷᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠬᠠᠨ ᠬᠤᠢ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠠᠭᠠᠨ ᠬᠦᠷᠬᠦ ᠵᠠᠮ ᠵᠠᠭᠤᠷ᠎ᠠ ᠂ ᠲᠤᠬᠠᠢ ᠶᠢᠨ | ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠤᠨ | ᠲᠥᠯᠥᠭᠡᠯᠡᠭᠴᠢ ᠵᠠᠮ ᠤᠨ ᠬᠤᠶᠠᠷ ᠲᠠᠯ᠎ᠠ ᠳᠤ ᠴᠤᠭᠯᠠᠷᠠᠵᠤ ᠂ ︽ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠶ᠎ᠠ ︾ | ᠭᠡᠬᠦ ᠮᠡᠲᠦ ᠶᠢᠨ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠡᠷᠭᠦᠵᠦ ᠂ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ ᠂ ᠰᠢ ᠶᠢᠨ | ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ ᠃ | | |