| ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ 5 ᠰᠠᠷ᠎ᠠ ᠶᠢᠨ 7 ᠤ ᠡᠳᠦᠷ ᠂ ᠮᠣᠰᠺᠸᠠ ᠳᠤ ᠬᠦᠷᠴᠦ ᠣᠷᠣᠰ ᠲᠤ | ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠣᠭᠰᠠᠨ 80 | ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠲᠠᠰᠢᠷᠠᠮ ᠳᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ ᠣᠷᠣᠰ ᠰᠣᠨᠢᠨ ︾ ᠳᠤ ︽ | ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ ᠃ ᠵᠣᠬᠢᠶᠠᠯ ᠤᠨ ᠪᠦᠭᠦ | ᠠᠭᠤᠯᠭ᠎ᠠ ᠨᠢ ᠳᠣᠣᠷᠠᠬᠢ ᠮᠡᠲᠦ ᠄ | ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ | ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ ᠃ ᠡᠨᠡ ᠬᠦ ︽ ᠠᠯᠢᠮᠠᠨ ᠴᠡᠴᠡᠭᠡᠰ ᠲᠡᠭᠷᠢ ᠶᠢᠨ ᠬᠠᠶᠠᠭ᠎ᠠ ᠲᠤᠯᠲᠠᠯ᠎ᠠ ᠮᠢᠷᠠᠯᠵᠠᠨ ᠳᠡᠯᠭᠡᠷᠡᠭᠰᠡᠨ ︾ | ᠤᠯᠠᠷᠢᠯ ᠳᠤ ᠂ ᠪᠢ ᠤᠳᠠᠯ ᠦᠭᠡᠢ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠵᠤ ᠂ ᠪᠠᠭᠠᠲᠤᠷᠯᠢᠭ ᠤᠷᠤᠰ ᠤᠨ ᠠᠷᠠᠳ | ᠲᠦᠮᠡᠨ ᠲᠠᠢ ᠬᠠᠮᠲᠤ ᠪᠠᠷ ᠲᠡᠦᠬᠡ ᠶᠢ ᠲᠠᠭᠢᠨ ᠡᠷᠭᠢᠴᠡᠭᠦᠯᠵᠦ ᠂ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠨ᠎ᠠ ᠃ | 10 ᠵᠢᠯ ᠤᠨ ᠡᠮᠦᠨᠡᠬᠢ ᠡᠨᠡ ᠦᠶ᠎ᠡ ᠳᠤ ᠂ ᠪᠢ ᠤᠷᠤᠰ ᠲᠤ ᠬᠦᠷᠴᠦ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 70 ᠵᠢᠯ ᠤᠨ ᠤᠢ ᠶᠢ | ᠪᠡᠯᠭᠡᠯᠡᠬᠦ ᠶᠣᠰᠣᠯᠠᠯ ᠳᠤ ᠣᠷᠣᠯᠴᠠᠵᠤ ᠂ ᠤᠷᠤᠰ ᠤᠨ 18 ᠠᠬᠠᠮᠠᠳ ᠪᠠᠶᠢᠯᠳᠤᠭᠴᠢ ᠶᠢᠨ ᠲᠥᠯᠥᠭᠡᠯᠡᠭᠴᠢ ᠲᠠᠢ ᠲᠤᠰᠬᠠᠶᠢᠯᠠᠨ ᠠᠭᠤᠯᠵᠠᠪᠠ ᠂ ᠲᠡᠳᠡ ᠵᠥᠪᠯᠡᠯᠲᠦ ᠶᠢᠨ | ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠲᠠᠯᠠᠪᠤᠷ ᠲᠤ ᠴᠢᠰᠤ ᠪᠠᠨ | ᠤᠷᠤᠰᠬᠠᠨ ᠪᠠᠶᠢᠯᠳᠤᠵᠤ ᠥᠩᠭᠡᠷᠡᠪᠡ ᠃ ᠠᠬᠠᠮᠠᠳ ᠪᠠᠶᠢᠯᠳᠤᠭᠴᠢᠳ ᠤᠨ ᠬᠠᠳᠠᠨ ᠵᠣᠷᠢᠭ ᠪᠠ ᠡᠷᠡᠰ ᠪᠠᠲᠤ ᠴᠤᠭ ᠵᠢᠪᠬᠤᠭ᠎ᠠ ᠶᠢ ᠪᠢ ᠤᠳᠤ ᠪᠤᠯᠲᠠᠯ᠎ᠠ ᠮᠠᠷᠲᠠᠭ᠎ᠠ | ᠦᠭᠡᠢ ᠃ ᠥᠩᠭᠡᠷᠡᠭᠰᠡᠨ ᠬᠡᠳᠦᠨ ᠵᠢᠯ ᠳᠤ ᠂ ᠵᠢᠶᠠᠯᠢᠶᠧᠹ ᠠᠬᠠᠯᠠᠭᠴᠢ ᠭᠧᠨᠧᠷᠡᠯ ᠂ ᠱᠦᠳᠧᠯᠦᠸᠧ ᠬᠤᠰᠢᠭᠤᠴᠢ ᠭᠧᠨᠧᠷᠡᠯ ᠵᠡᠷᠭᠡ ᠠᠬᠠᠮᠠᠳ ᠪᠠᠶᠢᠯᠳᠤᠭᠴᠢ ᠤᠷᠢᠳ | ᠬᠤᠵᠢᠳ ᠨᠠᠰᠤ ᠪᠠᠷᠠᠵᠠᠢ ᠂ ᠪᠢ ᠲᠡᠳᠡᠨ ᠢ ᠲᠦᠢᠯ ᠢᠶᠠᠷ ᠳᠤᠷᠠᠰᠤᠨ ᠰᠠᠨᠠᠭᠠᠯᠵᠠᠵᠤ ᠪᠠᠶᠢᠨ᠎ᠠ ᠃ ᠭᠧᠨᠧᠷᠡᠯ ᠠᠴᠠ ᠠᠪᠤᠭᠠᠳ ᠡᠩ ᠤᠨ ᠪᠠᠶᠢᠯᠳᠤᠭᠴᠢ ᠭᠦᠷᠲᠡᠯ᠎ᠡ ᠂ | ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠬᠤ ᠳᠤ ᠭᠠᠷᠮᠠᠭᠠᠢ ᠭᠠᠪᠢᠶ᠎ᠠ ᠪᠠᠶᠢᠭᠤᠯᠤᠭᠰᠠᠨ ᠪᠤᠢ ᠪᠦᠬᠦᠢ ᠠᠬᠠᠮᠠᠳ ᠪᠠᠶᠢᠯᠳᠤᠭᠴᠢ ᠶᠢ ᠪᠢᠳᠡ | ᠬᠡᠵᠢᠶᠡᠳᠡ ᠮᠠᠷᠲᠠᠬᠤ ᠦᠭᠡᠢ ᠶᠤᠮ ︕ ᠪᠠᠭᠠᠲᠤᠷᠴᠤᠳ ᠪᠠᠯᠠᠷᠠᠰᠢ ᠦᠭᠡᠢ ᠂ ᠲᠥᠪ ᠶᠣᠰᠣ ᠮᠥᠩᠬᠡ ᠣᠷᠣᠰᠢᠨ᠎ᠠ ︕ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠳᠤᠮᠳᠠ ᠂ ᠳᠤᠮᠳᠠᠳᠤ ᠣᠷᠣᠰ ᠬᠤᠶᠠᠷ ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ ᠂ | ᠬᠠᠷᠢᠯᠴᠠᠨ ᠳᠡᠮᠵᠢᠯᠴᠡᠪᠡ ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠬᠦᠴᠢᠷ ᠪᠡᠷᠬᠡᠰᠢᠶᠡᠯᠲᠦ ᠴᠠᠭ ᠮᠥᠴᠡ ᠳᠤ ᠂ | ᠵᠥᠪᠯᠡᠯᠲᠦ ᠶᠢᠨ ᠳᠤᠮᠳᠠᠳᠤ ᠶᠢ ᠲᠤᠰᠠᠯᠠᠭᠰᠠᠨ ᠠᠭᠠᠷ ᠤᠨ ᠠᠩᠭᠢ ᠨᠠᠨᠵᠢᠩ ᠂ ᠦᠬᠠᠨ ᠂ ᠴᠦᠩᠴᠢᠩ ᠵᠡᠷᠭᠡ ᠭᠠᠵᠠᠷ ᠲᠤ ︽ ᠡᠷᠡᠯᠬᠡᠭ ᠪᠦᠷᠭᠦᠳ ᠮᠡᠲᠦ ᠪᠠᠷ | ᠣᠭᠲᠠᠷᠭᠤᠢ ᠳᠤ ᠳᠡᠭᠦᠯᠢᠨ ᠨᠢᠰᠴᠦ ︾ ᠂ ᠶᠠᠫᠤᠨ ᠳᠡᠭᠡᠷᠡᠮ ᠢ ᠬᠤᠷᠢᠭᠯᠠᠨ ᠴᠣᠬᠢᠵᠤ ᠂ ᠮᠠᠰᠢ ᠤᠯᠠᠨ ᠨᠢᠰᠬᠡᠯᠴᠢ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠪᠠ ᠃ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠤ ᠬᠠᠮᠤᠭ ᠤᠨ ᠲᠦᠭᠰᠢᠭᠦᠷᠢᠲᠡᠢ ᠵᠠᠩᠭᠢᠯᠠᠭ᠎ᠠ ᠶᠢᠨ ᠦᠶ᠎ᠡ ᠳᠤ ᠂ ︽ ᠳᠣᠷᠣᠨᠠᠳᠠᠬᠢᠨ ᠤ ᠽᠦᠷᠭᠧ ︾ | — ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠪᠠᠷ ᠲᠡᠮᠡᠴᠡᠭᠰᠡᠨ ᠰᠢᠯᠢᠳᠡᠭ ᠠᠵᠢᠯᠲᠠᠨ ᠶᠠᠨ ᠪᠦᠦ ᠬᠠᠩ ᠵᠥᠪᠯᠡᠯᠲᠦ ᠳᠤ ᠠᠩᠬᠠᠨ ᠤ ᠨᠢᠭᠤᠴᠠ | ᠮᠡᠳᠡᠭᠡ ᠶᠢ ᠬᠠᠩᠭᠠᠵᠤ ᠪᠠᠶᠢᠪᠠ ᠃ ᠳᠠᠶᠢᠨ ᠤ ᠭᠠᠯ ᠳᠦᠷᠡᠯᠵᠡᠭᠰᠡᠨ ᠣᠨ ᠵᠢᠯ ᠤᠳ ᠲᠤ ᠂ ᠵᠥᠪᠯᠡᠯᠲᠦ ᠠᠴᠠ ᠳᠤᠮᠳᠠᠳᠤ ᠤᠯᠤᠰ ᠲᠤ ᠶᠡᠭᠡ ᠬᠡᠮᠵᠢᠶᠡᠨ ᠤ ᠵᠡᠪᠰᠡᠭ | ᠲᠣᠨᠣᠭᠯᠠᠯ ᠬᠠᠩᠭᠠᠭᠰᠠᠨ ᠪᠥᠭᠡᠳ ᠳᠤᠮᠳᠠᠳᠤ ᠤᠯᠤᠰ ᠴᠤ ᠵᠥᠪᠯᠡᠯᠲᠦ ᠳᠤ ᠪᠠᠴᠢᠮ ᠬᠡᠷᠡᠭᠰᠡᠬᠦ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠬᠦᠷᠭᠡᠵᠦ ᠂ ᠬᠤᠶᠠᠷ | ᠤᠯᠤᠰ ᠭᠠᠷ ᠬᠤᠯᠪᠣᠨ ᠶᠡᠭᠡ ᠡᠯᠡᠰᠦᠨ ᠭᠤᠪᠢ ᠳᠤ ᠨᠢᠭᠡᠨ ᠵᠤᠷᠪᠤᠰ ᠤᠯᠠᠨ ᠤᠯᠤᠰ ᠤᠨ ︽ ᠠᠮᠢ ᠨᠠᠰᠤᠨ ᠤ ᠵᠠᠮ ︾ ᠢ ᠨᠡᠭᠡᠭᠡᠵᠦ ᠂ ᠲᠤᠰ ᠲᠤᠰ ᠤᠨ ᠢᠶᠠᠨ | ᠹᠠᠱᠢᠰ ᠢ ᠡᠰᠡᠷᠭᠦᠴᠡᠬᠦ ᠲᠠᠶᠢᠨ ᠢ ᠬᠠᠷᠢᠯᠴᠠᠨ ᠳᠡᠮᠵᠢᠬᠦ ᠳᠤ ᠴᠢᠬᠤᠯᠠ ᠦᠢᠯᠡᠳᠦᠯ ᠦᠵᠡᠭᠦᠯᠪᠡ ᠃ ᠬᠤᠶᠠᠷ ᠤᠯᠤᠰ ᠤᠨ ᠠᠷᠠᠳ ᠲᠦᠮᠡᠨ ᠤ ᠠᠷᠢᠭᠤᠨ ᠴᠢᠰᠤ ᠠᠮᠢ | ᠨᠠᠰᠤ ᠪᠠᠷ ᠢᠶᠠᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠨᠢ ᠬᠠᠳᠤᠨ ᠭᠤᠣᠯ ᠤᠨ ᠤᠰᠤ ᠰᠢᠭ᠋ ᠰᠢᠷᠭᠢᠰᠢ ᠦᠭᠡᠢ ᠳᠠᠪᠠᠯᠭᠠᠯᠠᠨ ᠤᠷᠤᠰᠴᠤ ᠂ ᠸᠣᠯᠭ᠎ᠠ | ᠮᠥᠷᠡᠨ ᠤ ᠤᠰᠤ ᠮᠡᠲᠦ ᠥᠷᠭᠡᠨ ᠠᠭᠤᠳᠠᠮ ᠭᠦᠨ ᠪᠠᠶᠢᠵᠤ ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠰᠢᠷᠭᠢᠰᠢ ᠦᠭᠡᠢ ᠡᠬᠢ | ᠪᠤᠯᠠᠭ ᠪᠣᠯᠤᠭᠰᠠᠨ ᠪᠠᠶᠢᠨ᠎ᠠ ᠃ | 80 ᠵᠢᠯ ᠤᠨ ᠡᠮᠦᠨ᠎ᠡ ᠂ ᠳᠤᠮᠳᠠᠳᠤ ᠤᠯᠤᠰ ᠂ ᠵᠥᠪᠯᠡᠯᠲᠦ ᠶᠢ ᠪᠠᠭᠲᠠᠭᠠᠭᠰᠠᠨ ᠪᠦᠭᠦ ᠳᠡᠯᠡᠬᠡᠢ ᠶᠢᠨ ᠰᠢᠳᠤᠷᠭᠤ ᠶᠣᠰᠣᠨ ᠤ ᠬᠦᠴᠦᠨ ᠬᠠᠷᠭᠢᠰ ᠳᠠᠶᠢᠰᠤᠨ ᠢ | ᠬᠠᠮᠲᠤ ᠪᠠᠷ ᠡᠰᠡᠷᠭᠦᠴᠡᠵᠦ ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ ᠂ ᠮᠥᠷᠥ ᠵᠡᠷᠭᠡᠴᠡᠨ ᠨᠢᠭᠡ ᠦᠶ᠎ᠡ ᠰᠠᠭᠰᠠᠭᠤᠷᠠᠨ ᠠᠭᠠᠰᠢᠯᠠᠵᠤ ᠪᠠᠶᠢᠭᠰᠠᠨ ᠹᠠᠱᠢᠰ ᠤᠨ | ᠬᠦᠴᠦᠨ ᠢ ᠪᠠᠶᠢᠯᠳᠤᠨ ᠢᠯᠠᠪᠠ ᠃ 80 ᠵᠢᠯ ᠤᠨ ᠳᠠᠷᠠᠭᠠᠬᠢ ᠥᠨᠥᠳᠥᠷ ᠂ ᠭᠠᠭᠴᠠ ᠲᠠᠯᠠᠲᠤ ᠦᠵᠡᠯ ᠂ ᠡᠵᠡᠷᠬᠡᠬᠦ ᠦᠵᠡᠯ ᠂ ᠡᠵᠡᠷᠬᠡᠭ ᠶᠣᠰᠣᠨ ᠤ ᠡᠵᠡᠷᠬᠡᠭ | ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠠᠶᠢᠵᠤ ᠂ ᠬᠥᠮᠥᠨ ᠲᠥᠷᠥᠯᠬᠢᠲᠡᠨ ᠪᠠᠰᠠ ᠨᠢᠭᠡ ᠤᠳᠠᠭ᠎ᠠ ᠪᠦᠯᠬᠦᠮᠳᠡᠬᠦ ᠦᠦ ᠡᠰᠡᠬᠦᠯ᠎ᠡ ᠬᠠᠭᠠᠴᠠᠬᠤ ᠤᠤ ᠂ | ᠶᠠᠷᠢᠯᠴᠠᠬᠤ ᠦᠦ ᠡᠰᠡᠬᠦᠯ᠎ᠡ ᠡᠰᠡᠷᠭᠦᠴᠡᠯᠳᠦᠬᠦ ᠤᠤ ᠂ ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠤ ᠡᠪᠰᠡᠬᠦ ᠤᠤ ᠭᠡᠬᠦ ᠠᠰᠠᠭᠤᠯᠳᠠ ᠶᠢᠨ ᠲᠣᠨᠣᠯᠵᠢᠨ ᠵᠠᠮ ᠳᠤ | ᠵᠣᠭᠰᠣᠪᠠ ᠃ ᠤᠷᠤᠰ ᠤᠨ ᠠᠭᠤᠤ ᠶᠡᠭᠡ ᠵᠣᠬᠢᠶᠠᠯᠴᠢ ᠯᠧ · ᠲᠤᠯᠰᠲ᠋ᠤᠢ ︽ ᠳᠠᠶᠢᠨ ᠪᠠ ᠡᠩᠬᠡ ᠲᠠᠶᠢᠪᠤᠩ ︾ ᠭᠡᠬᠦ ᠵᠣᠬᠢᠶᠠᠯ ᠳᠠᠭᠠᠨ ᠄ ︽ ᠲᠡᠦᠬᠡ ᠪᠣᠯ ᠤᠯᠤᠰ ᠪᠠ | ᠬᠥᠮᠥᠨ ᠲᠥᠷᠥᠯᠬᠢᠲᠡᠨ ᠤ ᠨᠠᠮᠲᠠᠷ ᠮᠥᠨ ︾ ᠭᠡᠵᠦ ᠪᠢᠴᠢᠭᠰᠡᠨ ᠪᠢᠯᠡ ᠃ ᠲᠡᠦᠬᠡ ᠶᠢᠨ ᠳᠤᠷᠠᠰᠤᠮᠵᠢ ᠪᠣᠯᠣᠨ ᠦᠨᠡᠨ ᠬᠡᠷᠡᠭ ᠶᠠᠪᠤᠳᠠᠯ ᠨᠢ ᠣᠨ ᠰᠠᠷ᠎ᠠ ᠶᠢᠨ | ᠥᠩᠭᠡᠷᠡᠬᠦ ᠶᠢ ᠳᠠᠭᠠᠯᠳᠤᠨ ᠥᠩᠭᠡ ᠬᠤᠪᠢᠷᠠᠬᠤ ᠦᠭᠡᠢ ᠶᠤᠮ ᠂ ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ ᠠᠬᠤᠢ ᠶᠢ ᠲᠤᠰᠬᠠᠵᠤ ᠂ | ᠢᠷᠡᠭᠡᠳᠦᠢ ᠶᠢ ᠪᠡᠯᠭᠡᠳᠡᠵᠦ ᠪᠠᠶᠢᠳᠠᠭ ᠃ ᠪᠢᠳᠡ ᠲᠡᠦᠬᠡ ᠪᠠᠷ ᠲᠣᠯᠢ ᠪᠤᠯᠭᠠᠵᠤ ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠭᠦᠨᠵᠡᠭᠡᠢ ᠰᠤᠷᠭᠠᠮᠵᠢ ᠪᠣᠯᠣᠨ | ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠃ | — ᠪᠢᠳᠡ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠶ᠎ᠠ ᠃ ᠳᠤᠮᠳᠠᠳᠤ ᠤᠯᠤᠰ ᠂ ᠵᠥᠪᠯᠡᠯᠲᠦ ᠲᠤᠰ | ᠲᠤᠰ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠲᠠᠶᠢᠨ ᠤ ᠲᠠᠯᠠᠪᠤᠷ ᠪᠣᠯᠤᠭᠰᠠᠨ ᠤ ᠬᠤᠪᠢ ᠳᠤ ᠂ ᠶᠠᠫᠤᠨ ᠤ | ᠴᠡᠷᠢᠭᠯᠡᠬᠦ ᠦᠵᠡᠯ ᠪᠣᠯᠣᠨ ᠭᠧᠷᠮᠠᠨ ᠤ ᠨᠠᠼᠢᠰ ᠦᠵᠡᠯ ᠢ ᠡᠰᠡᠷᠭᠦᠴᠡᠬᠦ ᠭᠤᠣᠯ ᠲᠤᠯᠭᠠᠭᠤᠷᠢ ᠪᠣᠯᠵᠤ ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ | ᠣᠯᠬᠤ ᠳᠤ ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠡᠬᠢᠯᠡᠭᠰᠡᠨ | ᠴᠠᠭ ᠨᠢ ᠬᠠᠮᠤᠭ ᠤᠨ ᠡᠷᠲᠡ ᠂ ᠦᠷᠭᠦᠯᠵᠢᠯᠡᠭᠰᠡᠨ ᠴᠠᠭ ᠨᠢ ᠬᠠᠮᠤᠭ ᠤᠨ ᠤᠷᠲᠤ ᠶᠤᠮ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨᠠᠭᠠᠴᠢᠯᠠᠨ | ᠪᠠᠶᠢᠭᠤᠯᠤᠭᠰᠠᠨ ᠶᠠᠫᠤᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠲᠤᠭ ᠤᠨ ᠳᠣᠣᠷ᠎ᠠ ᠂ ᠳᠤᠮᠳᠠᠳᠤ ᠶᠢᠨ ᠬᠥᠪᠡᠭᠦᠳ ᠥᠬᠢᠳ ᠡᠮᠦᠨᠡᠬᠢ ᠨᠢ | ᠤᠨᠠᠲᠠᠯ᠎ᠠ ᠬᠤᠶᠢᠨᠠᠬᠢ ᠨᠢ ᠵᠠᠯᠭᠠᠮᠵᠢᠯᠠᠵᠤ ᠂ ᠰᠡᠳᠬᠢᠯ ᠢᠶᠠᠨ ᠨᠢᠭᠡᠳᠬᠡᠵᠦ ᠂ ᠯᠤᠲᠤ ᠶᠡᠭᠡ ᠦᠷᠡᠭᠳᠡᠯ ᠭᠠᠷᠭᠠᠵᠤ ᠲᠦᠢᠯ ᠤᠨ ᠬᠠᠷᠭᠢᠰ ᠬᠡᠷᠴᠡᠭᠡᠢ ᠶᠠᠫᠤᠨ ᠤ ᠴᠡᠷᠢᠭᠯᠡᠬᠦ | ᠦᠵᠡᠯᠲᠡᠳ ᠢ ᠴᠣᠬᠢᠨ ᠢᠯᠠᠵᠤ ᠂ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠠᠭᠤᠤ ᠶᠡᠭᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ ᠃ ᠡᠸᠦ᠋ᠷᠦᠫᠡ ᠲᠢᠪ ᠤᠨ | ᠲᠠᠶᠢᠨ ᠤ ᠲᠠᠯᠠᠪᠤᠷ ᠲᠤ ᠂ ᠵᠥᠪᠯᠡᠯᠲᠦ ᠶᠢᠨ ᠤᠯᠠᠭᠠᠨ ᠴᠡᠷᠢᠭ ᠬᠠᠳᠠᠨ ᠪᠠᠲᠤ ᠵᠣᠷᠢᠭ ᠢᠶᠠᠷ ᠪᠣᠯᠣᠳ ᠲᠡᠮᠦᠷ ᠮᠡᠲᠦ ᠬᠦᠴᠦᠲᠦ ᠤᠷᠤᠰᠬᠠᠯ ᠢ ᠳᠠᠪᠲᠠᠨ | ᠪᠤᠯᠪᠠᠰᠤᠷᠠᠭᠤᠯᠵᠤ ᠂ ᠨᠠᠼᠢᠰ ᠤᠨ ᠲᠦᠷᠢᠮᠡᠬᠡᠶᠢᠯᠡᠭᠴᠢᠳ ᠤᠨ ᠵᠡᠷᠯᠢᠭ ᠰᠠᠨᠠᠭ᠎ᠠ ᠶᠢ ᠰᠦᠢᠷᠡᠭᠦᠯᠵᠦ ᠂ ᠭᠧᠷᠮᠠᠨ ᠤ ᠹᠠᠱᠢᠰ ᠲᠤ ᠪᠣᠭᠤᠯᠴᠢᠯᠠᠭᠳᠠᠭᠰᠠᠨ ᠠᠷᠠᠳ ᠲᠦᠮᠡᠨ ᠢ | ᠴᠢᠯᠦᠭᠡᠯᠡᠵᠦ ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠶᠢᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠪᠡ ᠃ | ᠭᠡᠭᠡᠨ ᠰᠠᠷᠠᠭᠤᠯ ᠯᠠᠪᠲᠠᠢ ᠪᠠᠯᠠᠷ ᠬᠠᠷᠠᠩᠭᠤᠢ ᠶᠢ ᠦᠯᠳᠠᠵᠤ ᠂ ᠰᠢᠳᠤᠷᠭᠤ ᠶᠣᠰᠣ ᠡᠴᠦᠰ ᠲᠡᠭᠡᠨ ᠭᠠᠵᠢᠭᠤ ᠪᠤᠷᠤᠭᠤ ᠶᠢ ᠢᠯᠠᠨ᠎ᠠ ᠭᠡᠳᠡᠭ ᠢ ᠲᠡᠦᠬᠡ ᠪᠢᠳᠡᠨ ᠳᠤ | ᠬᠡᠯᠡᠵᠦ ᠥᠭᠪᠡ ᠃ ᠨᠢᠦ᠋ᠢᠷᠧᠨ᠋ᠪᠦ᠋ᠷᠡᠭ ᠤᠨ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ ᠂ ᠠᠯᠤᠰ ᠳᠣᠷᠣᠨᠠᠲᠤ ᠶᠢᠨ ᠤᠯᠠᠨ ᠤᠯᠤᠰ ᠤᠨ | ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ ᠲᠠᠶᠢᠨ ᠤ ᠶᠠᠯᠠᠳᠡᠨ ᠢ ᠲᠡᠦᠬᠡ ᠶᠢᠨ ᠭᠤᠲᠤᠮᠰᠢᠭ ᠤᠨ ᠪᠠᠭᠠᠨ᠎ᠠ ᠳᠡᠭᠡᠷ᠎ᠡ ᠡᠭᠦᠷᠢᠳᠡ ᠬᠠᠳᠠᠵᠤ ᠲᠠᠯᠪᠢᠪᠠ ᠂ ᠡᠨᠡ ᠬᠤᠶᠠᠷ | ᠤᠳᠠᠭ᠎ᠠ ᠶᠢᠨ ᠶᠡᠭᠡ ᠰᠢᠭᠦᠨ ᠲᠠᠰᠤᠯᠤᠯᠳᠠ ᠶᠢᠨ ᠰᠢᠳᠤᠷᠭᠤ ᠶᠣᠰᠣᠨ ᠤ ᠰᠢᠨᠵᠢ ᠴᠢᠨᠠᠷ ᠂ ᠲᠡᠦᠬᠡ ᠶᠢᠨ ᠦᠨ᠎ᠡ ᠦᠷᠳᠡᠭ ᠂ ᠴᠠᠭ ᠦᠶ᠎ᠡ ᠶᠢᠨ ᠠᠴᠢ ᠬᠤᠯᠪᠣᠭᠳᠠᠯ | ᠪᠣᠯ ᠭᠤᠶᠢᠪᠢᠰᠢ ᠦᠭᠡᠢ ᠶᠤᠮ ︕ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢᠨ ᠦᠨᠡᠨ ᠢ ᠭᠠᠵᠢᠭᠤᠳᠠᠭᠤᠯᠵᠤ ᠂ ᠳᠡᠯᠡᠬᠡᠢ ᠶᠢᠨ ᠬᠤᠶᠠᠳᠤᠭᠠᠷ ᠲᠠᠶᠢᠨ ᠤ | ᠢᠯᠠᠯᠲᠠ ᠶᠢᠨ ᠦᠷ᠎ᠡ ᠪᠦᠲᠦᠭᠡᠯ ᠢ ᠦᠭᠡᠶᠢᠰᠬᠡᠵᠦ ᠂ ᠳᠤᠮᠳᠠᠳᠤ ᠵᠥᠪᠯᠡᠯᠲᠦ ᠶᠢᠨ ᠲᠡᠦᠬᠡᠨ ᠭᠠᠪᠢᠶ᠎ᠠ ᠵᠢᠳᠬᠦᠯ ᠢ ᠭᠤᠲᠤᠭᠠᠬᠤ ᠭᠡᠰᠡᠨ ᠠᠯᠢᠪᠠ ᠭᠤᠷᠢᠳᠠᠯᠭ᠎ᠠ ᠴᠥᠮ | ᠪᠡᠶᠡᠯᠡᠭᠳᠡᠬᠦ ᠦᠭᠡᠢ ᠶᠤᠮ ︕ ᠲᠡᠦᠬᠡ ᠶᠢ ᠤᠬᠤᠷᠢᠭᠤᠯᠬᠤ ᠶᠠᠮᠠᠷᠪᠠ ᠠᠵᠢᠯᠯᠠᠭ᠎ᠠ ᠶᠢ ᠳᠤᠮᠳᠠᠳᠤ ᠤᠷᠤᠰ ᠬᠤᠶᠠᠷ ᠤᠯᠤᠰ ᠤᠨ ᠠᠷᠠᠳ ᠲᠦᠮᠡᠨ ᠵᠥᠪᠰᠢᠶᠡᠷᠡᠬᠦ | ᠦᠭᠡᠢ ᠪᠠᠷ ᠪᠠᠷᠠᠬᠤ ᠦᠭᠡᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠴᠦ ᠵᠥᠪᠰᠢᠶᠡᠷᠡᠬᠦ ᠦᠭᠡᠢ ᠶᠤᠮ ︕ | — ᠪᠢᠲᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠠ ᠃ ᠳᠡᠯᠡᠬᠡᠢ ᠶᠢᠨ ᠬᠤᠶᠠᠳᠤᠭᠠᠷ ᠲᠠᠶᠢᠨ ᠳᠠᠭᠤᠰᠬᠤ ᠠᠴᠠ ᠡᠮᠦᠨ᠎ᠡ | ᠬᠤᠶᠢᠨᠠᠬᠢ ᠳᠡᠯᠡᠬᠡᠢ ᠨᠡᠶᠢᠲᠡ ᠶᠢᠨ ᠲᠣᠭᠲᠠᠭᠠᠭᠰᠠᠨ ᠬᠠᠮᠤᠭ ᠤᠨ ᠴᠢᠬᠤᠯᠠ ᠲᠣᠭᠲᠠᠭᠠᠯ ᠪᠣᠯ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠪᠠᠶᠢᠭᠤᠯᠬᠤ | ᠶᠠᠪᠤᠳᠠᠯ ᠪᠣᠯᠣᠨ᠎ᠠ ᠃ ᠳᠤᠮᠳᠠᠳᠤ ᠤᠯᠤᠰ ᠪᠣᠯᠣᠨ ᠵᠥᠪᠯᠡᠯᠲᠦ ᠬᠠᠮᠤᠭ ᠤᠨ ᠲᠦᠷᠦᠭᠦᠨ ᠳᠤ ︽ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ︾ ᠳᠡᠭᠡᠷ᠎ᠡ ᠭᠠᠷ ᠤᠨ ᠦᠰᠦᠭ ᠵᠢᠷᠤᠪᠠ ᠂ ᠬᠤᠶᠠᠷ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ | ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠪᠠᠶᠢᠷᠢ ᠰᠠᠭᠤᠷᠢ ᠪᠣᠯ ᠲᠡᠦᠬᠡ ᠠᠴᠠ ᠪᠦᠷᠢᠯᠳᠦᠭᠰᠡᠨ ᠶᠤᠮ ᠂ ᠠᠷᠢᠭᠤᠨ ᠴᠢᠰᠤ ᠪᠠ ᠠᠮᠢ ᠨᠠᠰᠤ ᠪᠠᠷ ᠢᠶᠠᠨ | ᠰᠣᠯᠢᠵᠤ ᠠᠪᠴᠢᠷᠠᠭᠰᠠᠨ ᠶᠤᠮ ᠃ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠤᠯᠬᠤ ᠲᠤᠳᠤᠮ ᠂ ᠪᠢᠳᠡ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠢ ᠤᠯᠠᠮ ᠪᠠᠷᠢᠮᠲᠠᠯᠠᠨ ᠬᠠᠮᠠᠭᠠᠯᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ ᠂ ᠤᠯᠠᠨ ᠤᠯᠤᠰ ᠤᠨ ᠬᠠᠤᠯᠢ ᠳᠤ ᠰᠠᠭᠤᠷᠢᠯᠠᠭᠰᠠᠨ ᠤᠯᠠᠨ ᠤᠯᠤᠰ ᠤᠨ ᠡᠮᠬᠢ ᠳᠢᠭᠯᠢᠮ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ ᠂ | ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠦᠷᠭᠦᠯᠵᠢᠯᠡᠨ ᠠᠬᠢᠭᠤᠯᠤᠶ᠎ᠠ ᠃ | ᠡᠨᠡ ᠵᠢᠯ ᠪᠣᠯ ᠮᠥᠨ ᠴᠤ ᠲᠠᠶᠢᠸᠠᠨ ᠢ ᠡᠭᠡᠭᠦᠯᠦᠨ ᠠᠪᠤᠭᠰᠠᠨ 80 ᠵᠢᠯ ᠤᠨ ᠣᠶ ᠪᠣᠯᠣᠨ᠎ᠠ ᠃ ᠲᠠᠶᠢᠸᠠᠨ ᠳᠤᠮᠳᠠᠳᠤ ᠤᠯᠤᠰ ᠲᠤ ᠪᠤᠴᠠᠵᠤ ᠢᠷᠡᠭᠰᠡᠨ ᠶᠠᠪᠤᠳᠠᠯ | ᠪᠣᠯ ᠳᠡᠯᠡᠬᠡᠢ ᠶᠢᠨ ᠬᠤᠶᠠᠳᠤᠭᠠᠷ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠪᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠴᠢᠬᠤᠯᠠ | ᠪᠦᠷᠢᠯᠳᠦᠭᠦᠨ ᠬᠡᠰᠡᠭ ᠮᠥᠨ ᠃ ︽ ᠺᠠᠶᠢᠷᠤ᠋ ᠶᠢᠨ ᠲᠤᠩᠬᠠᠭ ︾ ᠂ ︽ ᠫᠤᠼᠳᠠᠮ ᠤᠨ ᠠᠯᠪᠠᠨ ᠵᠠᠷᠯᠠᠯ ︾ ᠵᠡᠷᠭᠡ ᠤᠯᠠᠨ ᠤᠯᠤᠰ ᠤᠨ ᠬᠠᠤᠯᠢ ᠶᠢᠨ ᠬᠦᠴᠦᠨ ᠪᠦᠬᠦᠢ | ᠠᠯᠢ ᠤᠯᠠᠨ ᠪᠢᠴᠢᠭ ᠮᠠᠲ᠋ᠧᠷᠢᠶᠠᠯ ᠳᠤ ᠴᠥᠮ ᠳᠤᠮᠳᠠᠳᠤ ᠤᠯᠤᠰ ᠤᠨ ᠲᠠᠶᠢᠸᠠᠨ ᠳᠠᠬᠢ ᠡᠷᠬᠡ ᠮᠡᠳᠡᠯ ᠢ ᠨᠤᠲᠠᠯᠠᠪᠠ ᠂ ᠲᠡᠭᠦᠨ ᠤ ᠲᠡᠦᠬᠡ ᠪᠠ ᠬᠠᠤᠯᠢ ᠶᠣᠰᠣᠨ ᠤ | ᠪᠣᠳᠠᠲᠤ ᠬᠡᠷᠡᠭ ᠨᠢ ᠰᠡᠵᠢᠭᠯᠡᠭᠳᠡᠰᠢ ᠦᠭᠡᠢ ᠶᠤᠮ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ | ᠰᠢᠢᠳᠪᠦᠷᠢ ᠶᠢᠨ ᠡᠷᠬᠡ ᠰᠦᠷᠲᠦ ᠴᠢᠨᠠᠷ ᠲᠤ ᠬᠠᠯᠳᠠᠵᠤ ᠪᠣᠯᠣᠰᠢ ᠦᠭᠡᠢ ᠶᠤᠮ ᠃ ᠲᠠᠶᠢᠸᠠᠨ ᠠᠷᠠᠯ ᠤᠨ ᠳᠣᠲᠣᠭᠠᠳᠤ ᠶᠢᠨ ᠪᠠᠶᠢᠳᠠᠯ ᠳᠤ ᠶᠠᠮᠠᠷ ᠬᠤᠪᠢᠷᠠᠯᠲᠠ | ᠭᠠᠷᠤᠭᠰᠠᠨ ᠴᠤ ᠂ ᠭᠠᠳᠠᠭᠠᠳᠤ ᠶᠢᠨ ᠬᠦᠴᠦᠨ ᠶᠠᠭᠠᠬᠢᠵᠤ ᠲᠦᠢᠪᠡᠭᠡᠭᠰᠡᠨ ᠴᠦ ᠂ ᠳᠤᠮᠳᠠᠳᠤ ᠤᠯᠤᠰ ᠡᠴᠦᠰ ᠲᠡᠭᠡᠨ ᠨᠢᠭᠡᠳᠦᠯ ᠢ ᠪᠡᠶᠡᠯᠡᠭᠦᠯᠬᠦ ᠪᠥᠭᠡᠳ ᠯᠠᠪᠲᠠᠢ | ᠨᠢᠭᠡᠳᠦᠯ ᠢ ᠪᠡᠶᠡᠯᠡᠭᠦᠯᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ ᠃ | ᠳᠤᠮᠳᠠᠳᠤ ᠤᠷᠤᠰ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ | ᠡᠷᠡᠰ ᠳᠡᠮᠵᠢᠯᠴᠡᠪᠡ ᠃ ᠤᠷᠤᠰ ᠤᠨ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠨ᠎ᠠ ᠂ ᠲᠠᠶᠢᠸᠠᠨ ᠪᠣᠯ ᠳᠤᠮᠳᠠᠳᠤ | ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ ᠂ ᠶᠠᠮᠠᠷᠪᠠ ᠭᠡᠯᠪᠡᠷᠢ ᠶᠢᠨ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ | ᠡᠰᠡᠷᠭᠦᠴᠡᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠭᠡᠷ ᠤᠨ ᠢᠶᠠᠨ ᠨᠢᠭᠡᠳᠦᠯ ᠢ ᠪᠡᠶᠡᠯᠡᠭᠦᠯᠬᠦ ᠶᠢᠨ | ᠲᠥᠯᠥᠭᠡ ᠠᠪᠤᠭᠰᠠᠨ ᠠᠯᠢᠪᠠ ᠠᠷᠭ᠎ᠠ ᠬᠡᠮᠵᠢᠶ᠎ᠡ ᠶᠢ ᠡᠷᠡᠰ ᠳᠡᠮᠵᠢᠨ᠎ᠡ ᠭᠡᠵᠦ ᠣᠯᠠᠨᠲᠠ ᠴᠢᠬᠤᠯᠠᠴᠢᠯᠠᠪᠠ ᠃ ᠳᠤᠮᠳᠠᠳᠤ ᠤᠯᠤᠰ ᠡᠭᠦᠨ ᠢ ᠳᠡᠭᠡᠳᠦ ᠬᠡᠮᠵᠢᠶ᠎ᠡ ᠪᠠᠷ | ᠦᠨᠡᠯᠡᠵᠦ ᠪᠠᠶᠢᠨ᠎ᠠ ᠃ | — ᠪᠢᠳᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠶ᠎ᠠ ᠃ ᠣᠳᠣᠬᠠᠨ ᠤ ᠳᠡᠯᠡᠬᠡᠢ ᠶᠢᠷᠲᠢᠨᠴᠦ ᠳᠤ ᠂ ᠡᠩᠬᠡ ᠲᠠᠶᠢᠪᠤᠩ ᠤᠨ | ᠤᠯᠠᠭᠠᠨ ᠲᠤᠭ᠎ᠠ ᠂ ᠬᠥᠭᠵᠢᠯᠲᠡ ᠶᠢᠨ ᠤᠯᠠᠭᠠᠨ ᠲᠤᠭ᠎ᠠ ᠂ ᠠᠮᠤᠷ ᠲᠦᠪᠰᠢᠨ ᠤ ᠤᠯᠠᠭᠠᠨ ᠲᠤᠭ᠎ᠠ ᠂ ᠵᠠᠰᠠᠯᠲᠠ ᠶᠢᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ | ᠬᠠᠰᠤᠭᠳᠠᠭᠰᠠᠨ ᠦᠭᠡᠢ ᠃ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠳᠤᠷᠠᠳᠤᠭᠰᠠᠨ ᠨᠢ ᠳᠠᠷᠤᠢ ᠳᠡᠭᠡᠷ᠎ᠡ ᠳᠤᠷᠠᠳᠤᠭᠰᠠᠨ ᠤᠯᠠᠭᠠᠨ ᠲᠤᠭ᠎ᠠ ᠶᠢ ᠰᠢᠢᠳᠪᠦᠷᠢᠯᠡᠵᠦ ᠂ ᠲᠥᠪ ᠭᠤᠣᠯᠴᠢ ᠰᠢᠳᠤᠷᠭᠤ ᠶᠣᠰᠣ ᠪᠠᠷ ᠣᠶᠢᠯᠠᠭᠠᠭᠳᠠᠬᠤᠨ ᠪᠤᠯᠭᠠᠵᠤ | ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠢᠳᠡᠪᠬᠢᠲᠡᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ ᠃ | ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ ᠃ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠬᠤ ᠳᠤ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ | ᠦᠵᠡᠯᠲᠡ ᠶᠢ ᠪᠠᠷᠢᠮᠲᠠᠯᠠᠵᠤ ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ ᠂ | ᠬᠠᠮᠲᠤ ᠪᠠᠷ ᠠᠰᠢᠭ ᠭᠦᠷᠳᠡᠭᠦ ᠠᠴᠠ ᠪᠢᠰᠢ ᠦᠯᠦ ᠡᠪᠰᠡᠬᠦ ᠦᠭᠡᠢ ᠪᠠᠶᠢᠬᠤ ᠶᠢ ᠪᠠᠷᠢᠮᠲᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠡᠯ᠎ᠡ | ᠲᠠᠯ᠎ᠠ ᠶᠢᠨ ᠬᠢᠨ ᠤ ᠵᠦᠢ ᠶᠣᠰᠣᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠵᠤ ᠂ ᠤᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠬᠠᠮᠠᠭᠠᠯᠠᠬᠤ ᠶᠢ | ᠪᠠᠷᠢᠮᠲᠠᠯᠠᠬᠤ ᠬᠡᠷᠡᠭᠲᠡᠢ ᠭᠡᠳᠡᠭ ᠢ ᠲᠡᠦᠬᠡ ᠪᠠ ᠪᠣᠳᠠᠲᠤ ᠠᠬᠤᠢ ᠴᠥᠮ ᠬᠠᠷᠠᠭᠤᠯᠵᠤ ᠪᠠᠶᠢᠨ᠎ᠠ ᠃ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠪᠦᠷ ᠲᠡᠦᠬᠡ ᠶᠢᠨ | ᠵᠥᠪ ᠲᠠᠯ᠎ᠠ ᠳᠤ ᠵᠣᠭᠰᠣᠵᠤ ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ ᠃ | ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ ᠂ ᠪᠦᠭᠦ ᠪᠥᠮᠪᠥᠷᠴᠡᠭ ᠤᠨ ᠪᠠᠶᠢᠯᠳᠤᠬᠤ | ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ ᠃ ᠳᠤᠮᠳᠠᠳᠤ | ᠤᠷᠤᠰ ᠤᠨ ᠬᠠᠷᠢᠯᠴᠠᠭ᠎ᠠ ᠲᠣᠪ ᠲᠣᠳᠣᠷᠬᠠᠢ ᠲᠡᠦᠬᠡ ᠶᠢᠨ ᠯᠣᠭᠢᠭ ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠂ ᠭᠦᠨ ᠵᠤᠵᠠᠭᠠᠨ ᠪᠣᠯᠪᠠᠰᠤᠨ ᠤ ᠣᠣᠷ | ᠲᠤᠨᠳᠠᠰᠤ ᠲᠠᠢ ᠶᠤᠮ ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭᠠᠷ ᠡᠲᠡᠭᠡᠳ ᠲᠤ ᠴᠦ ᠬᠢᠵᠠᠭᠠᠷᠯᠠᠭᠳᠠᠬᠤ ᠦᠭᠡᠢ ᠃ ᠬᠤᠶᠠᠷ | ᠲᠠᠯ᠎ᠠ ᠪᠠᠷ ᠢᠶᠠᠨ ᠳᠤᠮᠳᠠᠳᠤ ᠤᠷᠤᠰ ᠤᠨ ᠨᠥᠬᠦᠷᠯᠡᠯ ᠪᠣᠯᠣᠨ ᠢᠲᠡᠭᠡᠯᠴᠡᠭᠡ ᠶᠢ ᠡᠪᠳᠡᠬᠦ ᠶᠠᠮᠠᠷᠪᠠ ᠭᠤᠷᠢᠳᠠᠯᠭ᠎ᠠ ᠶᠢ ᠬᠠᠮᠲᠤ ᠪᠠᠷ ᠡᠰᠡᠷᠭᠦᠴᠡᠵᠦ ᠂ ᠲᠦᠷ ᠴᠠᠭ ᠤᠨ | ᠶᠠᠪᠤᠳᠠᠯ ᠳᠤ ᠲᠥᠭᠡᠷᠢᠭᠳᠡᠬᠦ ᠦᠭᠡᠢ ᠂ ᠰᠢᠷᠦᠭᠦᠨ ᠰᠠᠯᠬᠢ ᠲᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ ᠂ ᠳᠤᠮᠳᠠᠳᠤ ᠤᠷᠤᠰ ᠤᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠦᠢᠯᠵᠢᠯᠲᠠ ᠶᠢᠨ ᠠᠬᠢᠴᠠ ᠶᠢ ᠬᠠᠮᠲᠤ ᠪᠠᠷ | ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ ᠃ | ᠳᠤᠮᠳᠠᠳᠤ ᠤᠯᠤᠰ ᠪᠠ ᠤᠷᠤᠰ ᠪᠣᠯ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ ᠠᠭᠤᠤ ᠶᠡᠭᠡ ᠤᠯᠤᠰ ᠮᠥᠨ ᠂ ᠳᠤᠮᠳᠠᠳᠤ ᠤᠯᠤᠰ ᠤᠨ ᠠᠷᠠᠳ ᠲᠦᠮᠡᠨ ᠪᠠ | ᠤᠷᠤᠰ ᠤᠨ ᠠᠷᠠᠳ ᠲᠦᠮᠡᠨ ᠪᠣᠯ ᠴᠥᠮ ᠪᠠᠭᠠᠲᠤᠷᠯᠢᠭ ᠤᠳᠤᠮᠰᠢᠯ ᠲᠠᠢ ᠠᠭᠤᠤ ᠶᠡᠭᠡ ᠠᠷᠠᠳ ᠲᠦᠮᠡᠨ ᠮᠥᠨ ᠃ 80 ᠵᠢᠯ ᠤᠨ ᠡᠮᠦᠨ᠎ᠡ ᠂ ᠪᠢᠳᠠ ᠡᠷᠡᠯᠬᠡᠭ ᠢᠶᠠᠷ | ᠡᠰᠡᠷᠭᠦᠴᠡᠨ ᠲᠡᠮᠡᠴᠡᠵᠦ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠪᠠ ᠃ 80 ᠵᠢᠯ ᠤᠨ ᠳᠠᠷᠠᠭᠠᠬᠢ ᠥᠨᠥᠳᠥᠷ ᠂ ᠪᠢᠳᠡ ᠠᠯᠢᠪᠠ ᠴᠢᠬᠤᠯᠠ | ᠪᠦᠬᠦᠢ ᠠᠷᠭ᠎ᠠ ᠬᠡᠮᠵᠢᠶ᠎ᠡ ᠶᠢ ᠠᠪᠴᠤ ᠂ ᠲᠤᠰ ᠪᠡᠶ᠎ᠡ ᠶᠢᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠵᠤ ᠂ ᠡᠷᠡᠰ | ᠪᠠᠲᠤ ᠪᠠᠷ ᠲᠡᠦᠬᠡ ᠶᠢᠨ ᠳᠤᠷᠠᠰᠤᠮᠵᠢ ᠶᠢᠨ ᠬᠠᠮᠠᠭᠠᠯᠠᠭᠴᠢ ᠂ ᠬᠥᠭᠵᠢᠯ ᠮᠠᠨᠳᠤᠯ ᠤᠨ ᠵᠠᠮ ᠳᠠᠬᠢ ᠬᠠᠮᠲᠤ ᠤᠷᠤᠭᠰᠢᠯᠠᠭᠴᠢ ᠂ ᠤᠯᠠᠨ ᠤᠯᠤᠰ ᠤᠨ ᠲᠥᠪ ᠭᠤᠣᠯᠴᠢ | ᠰᠢᠳᠤᠷᠭᠤ ᠶᠣᠰᠣᠨ ᠤ ᠬᠠᠮᠠᠭᠠᠯᠠᠭᠴᠢ ᠪᠣᠯᠵᠤ ᠂ ᠭᠠᠷ ᠬᠤᠯᠪᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠥᠯᠥᠭᠡ ᠨᠡᠩ ᠭᠡᠭᠡᠨ ᠰᠠᠷᠠᠭᠤᠯ | ᠢᠷᠡᠭᠡᠳᠦᠢ ᠶᠢ ᠲᠡᠮᠡᠴᠡᠨ ᠴᠣᠭᠴᠠᠯᠠᠶ᠎ᠠ ᠃ | | |