| | ︽5·1︾ ᠤ ᠠᠮᠠᠷᠠᠯᠲᠠ ᠶᠢᠨ ᠬᠤᠭᠤᠴᠠᠭᠠᠨ ᠳᠤ ᠂ ᠵᠡᠭᠦᠨᠭᠠᠷ ᠬᠤᠰᠢᠭᠤᠨ ᠤ ᠡᠯ᠎ᠡ ᠶᠡᠭᠡ ᠦᠵᠡᠮᠵᠢ ᠶᠢᠨ ᠣᠷᠣᠨ ᠳᠤ ᠬᠦᠮᠤᠨ ᠤ ᠳᠠᠯᠠᠢ ᠪᠤᠯᠵᠤ ᠂ ᠰᠣᠶᠣᠯ | ᠵᠤᠭᠠᠴᠠᠯ ᠤᠨ ᠬᠡᠷᠡᠭᠯᠡᠭᠡ ᠮᠡᠳᠡᠭᠳᠡᠮ᠎ᠡ ᠨᠡᠮᠡᠭᠳᠡᠵᠡᠢ ᠃ 5 ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ ᠂ ᠪᠥᠬᠦ ᠬᠤᠰᠢᠭᠤ ᠪᠠᠷ ᠢᠶᠠᠨ ᠵᠤᠭᠠᠴᠠᠭᠰᠠᠳ ᠢ ᠨᠡᠶᠢᠲᠡ | 27.09 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠂ 1.62 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠪᠡ ᠃ ᠡᠭᠦᠨ ᠳᠤ A | ᠲᠠᠰ ᠠᠴᠠ ᠳᠡᠭᠡᠭᠰᠢᠬᠢ ᠦᠵᠡᠮᠵᠢ ᠶᠢᠨ ᠣᠷᠣᠨ ᠨᠡᠶᠢᠲᠡ 6.8289 ᠲᠦᠮᠡᠨ ᠬᠥᠮᠥᠨ ᠤᠳᠠᠭ᠎ᠠ ᠶᠢ ᠭᠥᠯᠢᠶᠡᠨ ᠠᠪᠴᠤ ᠂ ᠵᠤᠭᠠᠴᠠᠯ ᠤᠨ ᠣᠷᠣᠯᠭ᠎ᠠ ᠶᠢ 755. | 81 ᠲᠦᠮᠡᠨ ᠲᠥᠭᠦᠷᠢᠭ ᠪᠡᠶᠡᠯᠡᠭᠦᠯᠪᠡ ᠃ | ᠵᠡᠭᠦᠨᠭᠠᠷ ᠤᠨ ᠬᠠᠳᠤᠨ ᠭᠤᠣᠯ ᠤᠨ ᠳᠤᠮᠤ ᠬᠠᠪᠴᠢᠯ ᠤᠨ ᠦᠵᠡᠮᠵᠢ ᠶᠢᠨ ᠣᠷᠣᠨ ᠳᠤ ᠂ ᠵᠤᠭᠠᠴᠠᠭᠰᠠᠳ ᠲᠦᠷᠦᠯ ᠰᠠᠳᠤᠨ ᠨᠠᠶᠢᠵᠠ ᠨᠥᠬᠦᠳ ᠲᠠᠢ ᠪᠠᠨ ᠬᠠᠮᠳᠤ | ᠰᠡᠯᠡᠬᠦᠴᠡᠨ ᠠᠯᠬᠤᠯᠠᠵᠤ ᠂ ᠡᠬᠡ ᠪᠠᠶᠢᠭᠠᠯᠢ ᠶᠢᠨ ᠰᠦᠷᠯᠢᠭ ᠰᠠᠶᠢᠬᠠᠨ ᠪᠠ ᠰᠣᠶᠣᠯ ᠢᠷᠭᠡᠨᠰᠢᠯ ᠵᠠᠩ ᠦᠢᠯᠡ ᠶᠢᠨ ᠥᠪᠡᠷᠮᠢᠴᠡ ᠷᠢᠳᠢ ᠰᠢᠳᠢ ᠶᠢ ᠪᠠᠭ᠋ᠠᠷᠬᠠᠨ | ᠣᠶᠢᠯᠠᠭᠠᠨ᠎ᠠ᠃ ᠦᠨᠳᠤᠷ ᠳᠡᠭᠡᠷ᠎ᠠ ᠡᠯᠭᠦᠭᠳᠡᠭᠰᠡᠨ ᠰᠢᠯ ᠦᠵᠡᠮᠵᠢ ᠶᠢᠨ ᠲᠠᠪᠴᠠᠩ᠂ ᠰᠢᠯ ᠤᠰᠤᠨ ᠭᠤᠯᠭᠤᠭᠤᠷ ᠵᠠᠮ ᠵᠡᠷᠭᠡ ᠡᠯᠪᠡᠭ ᠪᠠᠶᠠᠯᠢᠭ ᠤᠯᠠᠨ ᠡᠰᠢᠲᠦ | ᠪᠡᠶᠡᠴᠢᠯᠡᠨ ᠣᠶᠢᠯᠠᠭᠠᠬᠤ ᠲᠦᠷᠦᠯ ᠵᠦᠢᠯ ᠨᠢ ᠵᠤᠭᠠᠴᠠᠭᠰᠠᠳ ᠲᠤ ᠬᠠᠷᠠᠭᠠᠨ ᠰᠡᠷᠡᠯ ᠪᠣᠯᠣᠨ ᠰᠡᠷᠡᠯ ᠤᠨ ᠡᠷᠬᠡᠲᠡᠨ ᠤ ᠬᠤᠣᠰ ᠬᠦᠷᠲᠡᠭᠡᠯ ᠢ ᠠᠪᠴᠢᠷᠠᠵᠤ | ᠥᠭᠭᠦᠭᠰᠡᠨ ᠢᠶᠠᠷ ᠦᠯᠤ ᠪᠠᠷᠠᠨ᠂ ᠨᠡᠩ ᠴᠤ ᠡᠨᠡ ᠬᠦ ᠠᠮᠠᠷᠠᠯᠲᠠ ᠶᠢᠨ ᠬᠤᠭᠤᠴᠠᠭ᠎ᠠ ᠶᠢ ᠣᠨᠴᠠᠭᠠᠢ ᠭᠤᠶᠢᠳᠠ ᠰᠠᠶᠢᠬᠠᠨ ᠢᠶᠠᠷ ᠴᠢᠮᠡᠭᠯᠡᠵᠡᠢ᠃ | | | | ︽ᠪᠢ ᠪᠠᠶᠠᠨᠨᠠᠭᠤᠷ ᠠᠶᠢᠮᠠᠭ ᠠᠴᠠ ᠢᠷᠡᠭᠰᠡᠨ ᠶᠤᠮ᠂ ᠥᠨᠥᠳᠥᠷ ᠪᠢ ᠤᠰᠤᠨ ᠳᠡᠭᠡᠷ᠎ᠠ ᠬᠥᠪᠬᠦ ᠡᠨᠡᠬᠦ ᠲᠦᠷᠦᠯ ᠵᠦᠢᠯ ᠢ ᠨᠠᠭᠠᠳᠤᠭᠠᠳ ᠨᠠᠳᠠ ᠳᠤ ᠮᠠᠰᠢ | ᠲᠠᠭᠠᠯᠠᠮᠵᠢᠲᠠᠢ ᠮᠦᠷᠳᠡᠭᠡᠨ ᠰᠡᠷᠢᠭᠦᠬᠡᠨ ᠰᠠᠨᠠᠭᠳᠠᠯ᠎ᠠ᠂ ᠲᠣᠯᠣᠭᠠᠢ ᠥᠨᠳᠡᠶᠢᠨ ᠬᠠᠪᠴᠢᠯ ᠤᠨ ᠬᠤᠶᠠᠷ ᠬᠥᠪᠡᠭᠡᠨ ᠤ ᠡᠭᠴᠡ ᠪᠤᠰᠤᠭ᠎ᠠ ᠤᠯᠠᠭᠠᠨ ᠬᠠᠨ᠎ᠠ ᠶᠢ ᠬᠠᠷᠠᠬᠤ ᠳᠤ | ᠮᠠᠰᠢ ᠰᠦᠷᠯᠢᠭᠰᠠᠶᠢᠬᠠᠨ ᠪᠠᠶᠢᠵᠤ ᠡᠬᠡ ᠪᠠᠶᠢᠭᠠᠯᠢ ᠠᠴᠠ ᠰᠤᠶᠤᠷᠬᠠᠬᠰᠠᠨᠦᠩᠭᠡ ᠦᠵᠡᠮᠵᠢ ᠶᠢ ᠦᠪᠡᠷ ᠤᠨ ᠡᠷᠭᠡ ᠦᠭᠡᠢ ᠭᠠᠶᠢᠬᠠᠨ ᠪᠢᠰᠢᠷᠡᠨᠠ︾ ᠭᠡᠵᠦ | ᠵᠤᠭᠠᠴᠠᠭᠴᠢ ᠮᠧᠩ ᠳ᠋ᠠᠨ ᠶᠠᠷᠢᠨ᠎ᠠ᠃ | ᠡᠨᠡ ᠵᠢᠯ ᠂ ᠬᠠᠲᠤᠨ ᠭᠤᠣᠯ ᠤᠨ ᠳᠤᠮᠤ ᠬᠠᠪᠴᠢᠯ ᠤᠨ ᠦᠵᠡᠮᠵᠢ ᠶᠢᠨ ᠣᠷᠣᠨ ᠠᠴᠠ ᠰᠢᠨ᠎ᠡ ᠪᠠᠷ ᠳᠦᠯᠦᠪᠯᠡᠨ ᠭᠠᠷᠭᠠᠭᠰᠠᠨ ᠹᠸᠢ ᠯᠠ ᠳ᠋ᠠ ᠲᠥᠷᠥᠯ ᠵᠦᠢᠯ ᠨᠢ | ᠡᠨᠡ ᠬᠦ ᠠᠮᠠᠷᠠᠯᠲᠠ ᠶᠢᠨ ᠬᠤᠭᠤᠴᠠᠭᠠᠨ ᠳᠤ ᠵᠠᠪᠠᠯ ᠤᠴᠢᠬᠤ ᠮᠠᠰᠢ ᠬᠥᠭᠵᠢᠶᠡᠨᠲᠡᠢ ᠭᠠᠵᠠᠷ ᠪᠣᠯᠤᠭᠰᠠᠨ ᠪᠠᠶᠢᠨ᠎ᠠ ᠃ ᠵᠠᠭᠤᠨ ᠮᠧᠲᠷ ᠤᠨ ᠥᠨᠳᠥᠷ ᠣᠭᠲᠠᠷᠭᠤᠢ ᠶᠢᠨ | ᠬᠥᠭᠦᠷᠭᠡᠨ ᠵᠠᠮ ᠢ ᠦᠨᠳᠤᠷ ᠳᠡᠭᠡᠷ᠎ᠠ ᠪᠣᠰᠬᠠᠵᠤ ᠂ ᠵᠤᠭᠠᠴᠠᠭᠰᠠᠳ ᠲᠦᠰᠢᠭᠦᠷ ᠢ ᠴᠢᠩᠭ᠎ᠠ ᠠᠳᠬᠤᠨ ᠬᠢᠴᠢᠶᠡᠮᠵᠢᠲᠡᠢ ᠪᠠᠷ ᠤᠷᠤᠭᠰᠢ ᠰᠢᠯᠵᠢᠵᠦ ᠂ ᠬᠥᠯ ᠳᠣᠣᠷ᠎ᠠ | ᠨᠢ ᠳᠤᠯᠬᠢᠶᠠᠯᠠᠨ ᠳᠠᠪᠠᠯᠭᠠᠯᠠᠬᠤ ᠬᠠᠳᠤᠨ ᠭᠤᠣᠯ ᠬᠠᠷᠠᠬᠳᠠᠨ᠎ᠠ᠂ ᠡᠨᠡᠬᠦ ᠥᠪᠡᠷᠮᠢᠴᠡ ᠣᠨᠴᠠᠯᠢᠭ ᠲᠠᠢ︽ᠣᠭᠲᠠᠷᠭᠤᠢ ᠶᠢᠨ ᠬᠠᠷᠠᠭᠠᠰᠤ︾ ᠨᠢ ᠵᠤᠭᠠᠴᠠᠭᠰᠠᠳ ᠲᠤ ᠡᠵᠢ | ᠭᠤᠣᠯ ᠤᠨ ᠰᠦᠷ ᠵᠢᠪᠬᠤᠭ᠎ᠠ ᠶᠢ ᠰᠢᠨᠡᠬᠠᠷᠠᠭᠠᠰᠤ ᠠᠴᠠ ᠣᠶᠢᠯᠠᠭᠠᠭᠤᠯᠵᠤ ᠂ ᠡᠬᠡ ᠪᠠᠶᠢᠭᠠᠯᠢ ᠶᠢᠨ ᠷᠢᠳᠢ ᠰᠢᠳᠢ ᠶᠢ ᠮᠡᠳᠡᠷᠡᠭᠦᠯᠤᠨᠠ᠃ | | | | ︽ᠡᠨᠡᠬᠦ ᠠᠮᠠᠷᠠᠯᠲᠠ ᠶᠢᠨ ᠬᠤᠭᠤᠴᠠᠭᠠᠨ ᠳᠤ ᠂ ᠵᠡᠭᠦᠨᠭᠠᠷ ᠤᠨ ᠬᠠᠳᠤᠨ ᠭᠤᠣᠯ ᠤᠨ ᠳᠤᠮᠤ ᠬᠠᠪᠴᠢᠯ ᠳᠤ ᠬᠦᠷᠴᠦ ᠹᠸᠢ ᠯᠠ ᠳ᠋ᠠ ᠲᠦᠷᠦᠯ ᠵᠦᠢᠯ ᠢ ᠪᠡᠶᠡᠴᠢᠯᠡᠨ | ᠣᠶᠢᠯᠠᠭᠠᠯ᠎ᠠ᠂ ᠡᠬᠢᠯᠡᠩᠭᠦᠲᠡ ᠪᠠᠨ ᠠᠶᠤᠵᠤ ᠪᠠᠶᠢᠭᠰᠠᠨ ᠠᠴᠠ ᠪᠠᠨ ᠡᠨᠡᠬᠦ ᠲᠦᠷᠦᠯ ᠵᠦᠢᠯ ᠢ ᠨᠠᠭᠠᠳᠴᠤ ᠳᠠᠭᠤᠰᠬᠠᠳᠠᠯᠠ ᠪᠠᠷᠤᠭ ᠭᠤᠷᠪᠠᠨ ᠴᠠᠭ ᠬᠠᠭᠠᠰ ᠢ ᠬᠡᠷᠡᠭᠰᠡᠵᠦ ᠂ | ᠪᠦᠬᠦ ᠶᠠᠪᠤᠴᠠ ᠳᠤ ᠠᠶᠤᠯ ᠲᠦᠭᠰᠢᠭᠦᠷᠢ ᠲᠠᠢ ᠰᠡᠳᠦᠯᠲᠡ ᠥᠭᠴᠡᠢ᠂ ᠢᠯᠠᠩᠭᠤᠶ᠎ᠠ ᠲᠡᠭᠷᠢ ᠶᠢᠨ ᠱᠠᠲᠤ ᠂ ᠳᠡᠭᠦᠵᠢᠩ ᠬᠥᠭᠦᠷᠭᠡ ᠳᠤ ᠭᠠᠷᠬᠤ ᠳᠤ ᠪᠠᠰᠠ ᠣᠨᠴᠠ | ᠠᠰᠬ᠎ᠠ ᠥᠨᠳᠥᠷ ᠳᠡᠭᠡᠷ᠎ᠠ ᠡᠯᠭᠦᠭᠳᠡᠭᠰᠡᠨ ᠭᠠᠵᠠᠷ ᠪᠤᠢ᠃ ᠮᠠᠴᠤᠨ ᠭᠠᠷᠴᠤ ᠢᠷᠡᠭᠰᠡᠨ ᠤ ᠳᠠᠷᠠᠭ᠎ᠠ ᠪᠢᠳᠡ ᠪᠠᠰᠠ ᠨᠠᠷᠠ ᠰᠢᠩᠭᠡᠬᠦ ᠶᠢ ᠣᠯᠵᠤ ᠬᠠᠷᠠᠬᠰᠠᠨ ᠶᠤᠮ᠂ | ᠣᠨᠴᠠᠭᠠᠶ ᠭᠤᠶᠤ ᠰᠢᠤ ᠃ ᠡᠨᠡ ᠬᠦ ᠳᠦᠷᠤᠯ ᠵᠤᠶᠢᠯ ᠢ ᠪᠡᠶᠡᠯᠡᠭᠦᠯᠦᠭᠰᠡᠨ ᠳᠡᠭᠡᠨ ᠲᠤᠶᠢᠯ ᠢᠶᠠᠷ ᠪᠠᠶᠠᠷᠯᠠᠵᠤ ᠪᠠᠶᠢᠬᠤ ᠪᠥᠭᠡᠳ ᠪᠠᠰᠠ ᠮᠠᠰᠢ ᠶᠡᠭᠡ ᠠᠮᠵᠢᠯᠲᠠ | ᠣᠯᠣᠭᠰᠠᠨ ᠲᠥᠷᠥᠭᠳᠡᠯ ᠲᠠᠢ ᠪᠠᠶᠢᠨ᠎ᠠ᠃ ᠬᠤᠵᠢᠮ ᠪᠢ ᠪᠠᠰᠠ ᠨᠠᠶᠢᠵᠠ ᠨᠠᠷ ᠪᠠ ᠭᠡᠷ ᠤᠨ ᠬᠥᠮᠥᠰ ᠲᠤ ᠪᠠᠨ ᠳᠠᠨᠢᠯᠴᠠᠭᠤᠯᠤᠨ ᠠᠳᠡ ᠵᠤᠭᠠᠴᠠᠬᠤ ᠪᠠᠷ ᠢᠷᠡᠬᠦᠯᠤᠨ᠎ᠠ︾ | ᠭᠡᠵᠦ ᠵᠤᠭᠠᠴᠠᠭᠴᠢ ᠸᠠᠩ ᠵᠢᠶᠧ ᠶᠠᠷᠢᠨ᠎ᠠ᠃ | | | | ᠬᠥᠪᠴᠢ ᠶᠢᠨ ᠡᠯᠡᠰᠦᠨ ᠴᠦᠯ ᠤᠨ ᠱᠧᠨ ᠴᠢᠤᠸᠠᠨ ᠵᠤᠭᠠᠴᠠᠯ ᠤᠨ ᠦᠵᠡᠮᠵᠢ ᠶᠢᠨ ᠣᠷᠣᠨ ᠳᠤ ᠬᠦᠷᠬᠦ ᠳᠤ ᠂ ᠶᠠᠭ ᠯᠠ ᠡᠬᠡ ᠪᠠᠶᠢᠭᠠᠯᠢ ᠶᠢᠨ ᠵᠢᠷᠤᠭ ᠰᠢᠭ᠋ | ᠬᠠᠷᠠᠭᠳᠠᠨ᠎ᠠ᠃ ᠪᠠᠶᠠᠷ ᠤᠨ ᠡᠳᠦᠷ ᠤᠨ ᠳᠤᠰᠬᠠᠢ ᠳᠤᠬᠢᠷᠠᠭᠤᠯᠤᠬᠰᠠᠨ ᠨᠠᠷᠭᠢᠯ ᠨᠠᠶᠢᠷ ᠢ ᠠᠳᠡ ᠲᠣᠭᠯᠠᠨ᠎ᠠ ︱ ᠮᠣᠩᠭᠤᠯ ᠤᠷᠳᠤ ᠶᠢᠨ ᠳᠠᠭᠤᠤ ᠂ ᠮᠤᠷᠢᠨ | ᠮᠡᠷᠭᠡᠵᠢᠯ ᠤᠨ ᠣᠨᠴᠠ ᠦᠵᠡᠬᠦᠯᠭᠡ ᠨᠢ ᠡᠯᠡᠰᠦᠨ ᠴᠦᠯ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠬᠥᠭᠵᠢᠭᠡᠨ᠎ᠠ︔ ᠲᠡᠮᠡᠭᠡ ᠤᠨᠤᠵᠤ ᠲᠡᠮᠡᠭᠡᠨ ᠬᠤᠩᠬᠤ ᠶᠢ | ᠰᠤᠨᠤᠰᠤᠨ ᠠᠯᠲᠠᠨ ᠰᠢᠷᠭᠠᠯ ᠡᠯᠡᠰᠦᠨ ᠳᠣᠪᠤ ᠪᠠᠷ ᠠᠯᠬᠤᠯᠠᠬᠤ ᠳᠤ ᠂ ᠡᠯᠡᠰᠦᠨ ᠴᠥᠯ ᠳᠤ ᠯᠡ ᠪᠠᠶᠢᠳᠠᠭ ᠰᠢᠯᠦᠭ ᠤᠨ ᠰᠠᠨᠠᠭ᠎ᠠ ᠠᠬᠤᠢ ᠶᠢ ᠤᠶᠢᠯᠠᠭᠠᠨ᠎ᠠ ︔ | ᠬᠡᠭᠡᠷ᠎ᠡ ᠶᠢᠨ ᠲᠡᠷᠭᠡ ᠶᠢ ᠵᠢᠯᠣᠭᠤᠳᠤᠨ ᠡᠯᠡᠰᠦᠨ ᠳᠠᠪᠠᠯᠭᠠᠨ ᠤ ᠳᠤᠮᠳᠠᠭᠤᠷ ᠳᠠᠪᠬᠢᠭᠤᠯᠵᠤ ᠂ ᠬᠦᠴᠤᠳᠡᠢ ᠰᠡᠳᠦᠯᠲᠡ ᠶᠢ ᠮᠡᠳᠡᠷᠡᠨ᠎ᠡ︔ ᠪᠣᠳᠠᠰ ᠤᠨ ᠪᠤᠰᠤ ᠰᠣᠶᠣᠯ ᠤᠨ | ᠥᠪ ᠤᠨ ᠠᠮᠲᠠᠲᠤ ᠢᠳᠡᠭᠡᠨ ᠤ ᠵᠠᠬ᠎ᠠ ᠳᠡᠯᠭᠡᠭᠦᠷ ᠲᠤ ᠠᠩᠬᠢᠯᠤᠮ᠎ᠠ ᠦᠨᠦᠷ ᠬᠠᠩᠬᠤᠯᠵᠤ ᠂ ᠭᠠᠷ ᠢᠶᠠᠷ ᠬᠢᠭᠰᠡᠨ ᠠᠮᠳᠠᠳᠤ ᠢᠳᠡᠭᠡᠨ ᠨᠢ ᠣᠨ ᠰᠠᠷ᠎ᠠ ᠶᠢᠨ ᠦᠨᠦᠷ | ᠠᠮᠲᠠ ᠶᠢ ᠤᠯᠠᠮᠵᠢᠯᠠᠨ ᠂ ᠬᠡᠯᠡᠨ ᠤ ᠦᠵᠦᠭᠦᠷ ᠠᠴᠠ ᠬᠤᠷᠤᠭᠤᠨ ᠦᠵᠦᠭᠦᠷ ᠬᠦᠷᠲᠡᠯ᠎ᠡ ᠂ ᠭᠠᠵᠠᠷ ᠪᠣᠯᠭᠠᠨ ᠳᠤ ᠴᠥᠮ ︽ ᠲᠠᠪᠤᠨ ᠰᠠᠷ᠎ᠠ ᠶᠢᠨ ᠨᠢᠭᠡᠨ ︾ ᠤ | ᠠᠮᠠᠷᠠᠯᠲᠠ ᠶᠢᠨ ᠬᠤᠭᠤᠴᠠᠭᠠᠨ ᠤ ᠣᠨᠴᠠᠭᠠᠶ ᠪᠠᠶᠠᠷ ᠪᠠᠭ᠋ᠠᠳᠤᠯ ᠨᠢᠭᠤᠭᠳᠠᠵᠤ ᠂ ᠡᠯᠡᠰᠦᠨ ᠴᠥᠯ ᠤᠨ ᠥᠩᠭᠡ ᠦᠵᠡᠮᠵᠢ ᠨᠢ ᠣᠯᠠᠨ ᠡᠰᠢᠲᠦ ᠥᠩᠭᠡᠷᠡᠯᠲᠡ ᠲᠠᠢ | ᠪᠠᠶᠠᠷ ᠬᠥᠷ ᠲᠠᠢ ᠠᠶᠠᠯᠠᠯ ᠢ ᠪᠤᠢ ᠪᠤᠯᠭᠠᠨ᠎ᠠ ᠃ | | | | ᠹᠦᠵᠢᠶᠠᠨ ᠤ ᠵᠤᠭᠠᠴᠠᠭᠴᠢ ᠴᠧᠨ ᠼᠦᠢ ᠫᠢᠩ᠄︽ᠠᠩᠬ᠎ᠠ ᠤᠳᠠᠭ᠎ᠠ ᠡᠯᠡᠰᠦᠨ ᠴᠦᠯ ᠳᠤ ᠬᠦᠷᠴᠤ ᠂ ᠡᠨᠡ ᠬᠦ ᠬᠦᠪᠡᠭᠡ ᠬᠢᠵᠠᠭᠠᠷ ᠨᠢ ᠬᠠᠷᠠᠭᠳᠠᠬᠤ ᠦᠭᠡᠢ | ᠡᠯᠡᠰᠦᠨ ᠴᠦᠯ ᠢ ᠪᠠᠭ᠋ᠠᠷᠬᠠᠯ᠎ᠠ ᠂ ᠪᠠᠶᠢᠰᠬᠢᠭᠡᠳ ᠲᠡᠮᠡᠭᠡ ᠤᠨᠤᠵᠤ ᠂ ᠡᠯᠡᠰᠦᠨ ᠳᠡᠭᠡᠷ᠎ᠡ ᠭᠤᠯᠭᠤᠬᠤ ᠪᠠᠷ ᠶᠠᠪᠤᠨ᠎ᠠ᠂ ᠳᠠᠷᠠᠭ᠎ᠠ ᠬᠤᠶᠠᠷ ᠡᠳᠦᠷ ᠤᠨ ᠠᠶᠠᠯᠠᠯ ᠢ | ᠣᠨᠴᠠᠭᠠᠶᠢᠯᠠᠨ ᠬᠦᠰᠡᠨ ᠬᠦᠯᠢᠶᠡᠵᠦ ᠪᠠᠶᠢᠨ᠎ᠠ︾ ᠭᠡᠵᠦ ᠶᠠᠷᠢᠨ᠎ᠠ᠃ | | | | ᠬᠥᠪᠴᠢ ᠶᠢᠨ ᠡᠯᠡᠰᠦᠨ ᠴᠦᠯ ᠤᠨ ᠱᠧᠨ ᠴᠢᠤᠸᠠᠨ ᠵᠤᠭᠠᠴᠠᠯ ᠤᠨ ᠦᠵᠡᠮᠵᠢ ᠶᠢᠨ ᠣᠷᠣᠨ ᠪᠣᠯ ᠤᠯᠤᠰ ᠤᠨ 4A ᠳᠡᠰ ᠤᠨ ᠵᠤᠭᠠᠴᠠᠯ ᠤᠨ ᠦᠵᠡᠮᠵᠢ ᠶᠢᠨ | ᠣᠷᠣᠨ ᠪᠣᠯᠣᠨ᠎ᠠ᠃ ᠣᠶᠢᠷ᠎ᠠ ᠶᠢᠨ ᠵᠢᠯ ᠤᠳ ᠲᠤ ᠂ ᠦᠵᠡᠮᠵᠢ ᠶᠢᠨ ᠣᠷᠣᠨ ᠬᠠᠲᠤᠨ ᠭᠤᠣᠯ ᠤᠨ ᠬᠤᠶᠠᠷ ᠡᠷᠭᠢ ᠶᠢᠨ ᠰᠣᠶᠣᠯ ᠵᠤᠭᠠᠴᠠᠯ ᠤᠨ ᠡᠬᠢ ᠪᠠᠶᠠᠯᠢᠭ ᠢ | ᠭᠦᠢᠴᠡᠳ ᠠᠭᠤᠳᠠᠯᠵᠤ ᠂ ᠲᠡᠦᠬᠡ ᠰᠣᠶᠣᠯ ᠤᠨ ᠵᠤᠭᠠᠴᠠᠯ ᠂ ᠬᠠᠲᠤᠨ ᠭᠤᠣᠯ ᠤᠨ ᠵᠠᠩ ᠦᠶᠯᠡ ᠶᠢᠨ ᠵᠤᠭᠠᠴᠠᠯ ᠂ ᠡᠯᠡᠰᠦᠨ ᠴᠥᠯ ᠤᠨ ᠪᠠᠷᠲᠠᠭ᠎ᠠ ᠰᠢᠨᠵᠢᠯᠡᠬᠦ | ᠵᠤᠭᠠᠴᠠᠯ ᠢᠶᠠᠷ ᠭᠤᠣᠯ ᠰᠡᠳᠦᠪ ᠪᠣᠯᠭᠠᠭᠰᠠᠨ ᠵᠤᠭᠠᠴᠠᠯ ᠤᠨ ᠵᠠᠮ ᠱᠤᠭᠤᠮ ᠢ ᠪᠣᠶ ᠪᠣᠯᠭᠠᠪᠠ ᠃ ᠠᠳᠡ ᠡᠯᠪᠡᠭ ᠪᠠᠶᠠᠯᠢᠭ ᠣᠯᠠᠨ ᠶᠠᠩᠵᠤ ᠶᠢᠨ ᠵᠤᠭᠠᠴᠠᠯ ᠤᠨ ᠡᠬᠢ | ᠪᠠᠶᠠᠯᠢᠭ ᠲᠠᠢ ᠂ ᠵᠠᠮ ᠬᠠᠷᠢᠯᠴᠠᠭ᠎ᠠ ᠳᠥᠭᠦᠮ ᠳᠥᠲᠡ ᠪᠠᠶᠢᠵᠤ ᠂ ᠬᠥᠮᠥᠰ ᠤᠨ ᠪᠠᠭ᠋ᠠᠷᠤᠯ ᠢ ᠲᠠᠲᠠᠭᠰᠠᠨ ᠵᠤᠭᠠᠴᠠᠯ ᠤᠨ ᠦᠵᠡᠮᠵᠢᠲᠦ ᠣᠷᠣᠨ ᠪᠤᠯᠤᠬᠰᠠᠨ ᠪᠠᠶᠢᠨ᠎ᠠ ᠃ | ᠡᠨᠡᠬᠦ ᠠᠮᠠᠷᠠᠯᠲᠠ ᠶᠢᠨ ᠬᠤᠭᠤᠴᠠᠭᠠᠨ ᠳᠤ ᠂ ᠡᠯ᠎ᠡ ᠶᠡᠭᠡ ᠦᠵᠡᠮᠵᠢ ᠶᠢᠨ ᠣᠷᠣᠨ ᠤ ᠵᠤᠭᠠᠴᠠᠭᠰᠠᠳ ᠠᠴᠠ ᠭᠠᠳᠠᠨ᠎ᠠ᠂ ᠪᠠᠶᠠᠯᠢᠭ ᠰᠠᠶᠢᠬᠠᠨ ᠰᠣᠶᠣᠯ ᠵᠤᠭᠠᠴᠠᠯ ᠤᠨ | ᠠᠵᠢᠯᠯᠠᠭ᠎ᠠ ᠴᠤ ᠭᠤᠶᠢᠳᠠ ᠰᠠᠶᠢᠬᠠᠨ ᠶᠠᠪᠤᠭᠳᠠᠨ᠎ᠠ᠃ ᠵᠠᠳᠠᠭᠠᠢ ᠺᠢᠨᠣ᠋ ᠨᠢ ᠥᠩᠭᠡᠷᠡᠭᠰᠡᠨ ᠢᠶᠠᠨ ᠳᠤᠷᠠᠰᠬᠤ ᠰᠡᠳᠬᠢᠯᠭᠡ ᠶᠢ ᠰᠡᠷᠭᠦᠭᠡᠨ᠎ᠠ ︔ ᠬᠡᠦᠬᠡᠳ ᠤᠨ ᠬᠡᠭᠡᠷ᠎ᠡ | ᠪᠠᠭᠤᠳᠠᠯᠯᠠᠬᠤ ᠴᠡᠴᠡᠷᠯᠢᠭ ᠲᠤ ᠬᠡᠦᠬᠡᠳ ᠤᠨ ᠪᠠᠶᠠᠷ ᠪᠠᠭ᠋ᠠᠳᠤᠯ ᠢᠶᠠᠷ ᠪᠢᠯᠬᠠᠨ᠎ᠠ︔ ᠳᠠᠭᠤᠤ ᠬᠥᠭᠵᠢᠮ ᠤᠨ ᠪᠠᠶᠠᠷ ᠵᠠᠯᠠᠭᠤ ᠨᠠᠰᠤᠨ ᠤ ᠣᠷᠭᠢᠯᠤᠮ᠎ᠠ ᠰᠡᠳᠬᠢᠯᠭᠡ ᠶᠢ | ᠬᠦᠭᠵᠢᠭᠡᠨ᠎ᠠ᠃ ᠡᠴᠢᠭᠡ ᠡᠬᠡ ᠦᠷ᠎ᠡ ᠬᠡᠦᠬᠡᠳ ᠤᠨ ᠢᠶᠠᠨ ᠰᠡᠯᠡᠭᠦᠴᠡᠯ ᠵᠤᠭᠠᠴᠠᠯ ᠠᠴᠠ ᠴᠠᠭ ᠤᠨ ᠤᠷᠤᠰᠬᠠᠯ ᠤᠨ ᠥᠩᠭᠡᠷᠡᠭᠡᠯᠲᠡ ᠶᠢ ᠤᠶᠢᠯᠠᠭᠠᠬᠤ ᠬᠦᠷᠲᠡᠯ᠎ᠡ᠂ | ᠤᠯᠠᠨ ᠡᠰᠢᠲᠦ ᠠᠵᠢᠯᠯᠠᠭ᠎ᠠ ᠨᠢ ᠵᠤᠭᠠᠴᠠᠭᠰᠠᠳ ᠤᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠵᠤ ᠂ ᠠᠮᠠᠷᠠᠯᠲᠠ ᠶᠢᠨ ᠬᠤᠭᠤᠴᠠᠭᠠᠨ ᠳᠤ ᠣᠨᠴᠠᠭᠠᠢ ᠲᠠᠲᠠᠬᠤ | ᠬᠦᠴᠦᠨ ᠢ ᠨᠡᠮᠡᠷᠢᠯᠡᠭᠰᠡᠨ ᠪᠠᠶᠢᠨ᠎ᠠ᠃ | | | |