| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠡᠳᠦᠷ ᠂ | ᠤᠯᠤᠰ ᠤᠨ ᠲᠡᠷᠢᠭᠦᠯᠡᠭᠴᠢ ᠰᠢ ᠶᠢᠨ ᠫᠢᠩ ︽ ᠡᠩᠬᠡ ᠲᠠᠶᠢᠪᠤᠩ ᠤᠨ ᠭᠠᠯ ᠪᠠᠮᠪᠠᠷ ᠴᠠᠭ ᠦᠶ᠎ᠡ ᠶᠢᠨ ᠰᠢᠨ᠎ᠡ ᠬᠠᠭᠤᠳᠠᠰᠤ — ᠳᠤᠮᠳᠠᠳᠤ ᠤᠯᠤᠰ ᠤᠨ ᠠᠷᠠᠳ | ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠪᠣᠯᠣᠨ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠤ ᠢᠯᠠᠯᠲᠠ ᠣᠯᠣᠭᠰᠠᠨ 80 ᠵᠢᠯ ᠤᠨ | ᠣᠶ ᠶᠢ ᠳᠤᠷᠠᠰᠬᠠᠬᠤ ᠳᠤᠮᠳᠠᠳᠤ ᠣᠷᠣᠰ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ︾ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ 80 ᠵᠢᠯ ᠤᠨ ᠡᠮᠦᠨ᠎ᠡ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠤᠷᠤᠰ ᠤᠨ ᠠᠷᠠᠳ ᠲᠦᠮᠡᠨ ᠳᠡᠯᠡᠬᠡᠢ ᠶᠢᠨ ᠹᠠᠱᠢᠰ ᠢ ᠡᠰᠡᠷᠭᠦᠴᠡᠬᠦ | ᠲᠠᠶᠢᠨ ᠤ ᠢᠯᠠᠯᠲᠠ ᠣᠯᠬᠤ ᠳᠤ ᠪᠠᠯᠠᠷᠠᠰᠢ ᠦᠭᠡᠢ ᠲᠡᠦᠬᠡᠲᠦ ᠬᠤᠪᠢ ᠨᠡᠮᠡᠷᠢ ᠦᠵᠡᠭᠦᠯᠵᠦ ᠂ ᠠᠷᠢᠭᠤᠨ ᠴᠢᠰᠤ ᠪᠠᠷ ᠢᠶᠠᠨ ᠡᠪᠳᠡᠷᠡᠰᠢ ᠦᠭᠡᠢ ᠪᠠᠲᠤ ᠪᠠᠬᠢ ᠠᠭᠤᠤ | ᠶᠡᠭᠡ ᠨᠥᠬᠦᠷᠯᠡᠯ ᠢ ᠪᠠᠶᠢᠭᠤᠯᠵᠤ ᠂ ᠬᠤᠶᠠᠷ ᠤᠯᠤᠰ ᠤᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ ᠃ | 80 ᠵᠢᠯ ᠤᠨ ᠳᠠᠷᠠᠭᠠᠬᠢ ᠥᠨᠥᠳᠥᠷ ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ ᠣᠷᠣᠰ ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ | ᠠᠮᠢᠵᠢᠷᠠᠯ ᠤᠨ ᠬᠦᠴᠦᠨ ᠲᠠᠢ ᠪᠣᠯᠵᠤ ᠂ ᠰᠢᠨ᠎ᠡ ᠭᠡᠯᠪᠡᠷᠢ ᠶᠢᠨ ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠱᠤᠭᠤᠵᠠᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠬᠤ ᠨᠢ ᠣᠶᠢᠯᠠᠭᠠᠯᠴᠠᠭ᠎ᠠ ᠪᠠᠨ ᠨᠡᠮᠡᠭᠳᠡᠭᠦᠯᠬᠦ ᠂ ᠡᠶᠡᠯᠳᠡᠭ ᠬᠥᠷᠰᠢ ᠶᠢᠨ ᠨᠥᠬᠦᠷᠯᠡᠯ ᠢ | ᠪᠠᠳᠠᠷᠠᠭᠤᠯᠬᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢᠨ ᠨᠡᠶᠢᠭᠡᠮ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠬᠦ ᠳᠤ ᠴᠢᠬᠤᠯᠠ ᠪᠥᠭᠡᠳ | ᠠᠯᠤᠰ ᠭᠡᠳᠤ ᠶᠢᠨ ᠠᠴᠢ ᠬᠤᠯᠪᠣᠭᠳᠠᠯ ᠲᠠᠢ ᠶᠤᠮ ᠃ ᠬᠤᠶᠠᠷ ᠤᠯᠤᠰ ᠤᠨ ᠵᠠᠭᠤᠴᠢᠯᠠᠭᠤᠷ ᠬᠠᠮᠲᠤ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠂ ᠭᠠᠷ ᠬᠤᠯᠪᠣᠨ | ᠬᠠᠮᠲᠤ ᠪᠠᠷ ᠤᠷᠤᠭᠰᠢᠯᠠᠵᠤ ᠂ ᠠᠷᠠᠳ ᠤᠨ ᠰᠡᠳᠬᠢᠯ ᠢ ᠬᠤᠯᠪᠣᠭᠰᠠᠨ ᠂ ᠤᠯᠠᠨ ᠲᠦᠮᠡᠨ ᠲᠠᠢ ᠣᠶᠢᠷᠠᠲᠤᠭᠰᠠᠨ ᠂ ᠬᠠᠶᠢᠷ᠎ᠠ ᠰᠡᠳᠬᠢᠯᠭᠡ ᠲᠠᠢ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠢᠯᠡᠭᠦᠬᠡᠨ ᠥᠷᠨᠢᠭᠦᠯᠵᠦ ᠂ ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ | ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ︽ᠡᠩᠬᠡ ᠲᠠᠶᠢᠪᠤᠩ ᠤᠨ ᠭᠠᠯ ᠪᠠᠮᠪᠠᠷ ᠴᠠᠭ ᠦᠶ᠎ᠡ ᠶᠢᠨ ᠰᠢᠨ᠎ᠡ ᠬᠠᠭᠤᠳᠠᠰᠤ — ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ | ᠪᠠ ᠵᠥᠪᠯᠡᠯᠲᠦ ᠶᠢᠨ ᠤᠯᠤᠰ ᠢᠶᠠᠨ ᠬᠠᠮᠠᠭᠠᠯᠠᠬᠤ ᠠᠭᠤᠤ ᠶᠡᠭᠡ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠳᠤᠮᠳᠠᠳᠤ ᠣᠷᠣᠰ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ︾ ᠶᠢ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠣᠯᠣᠨ ᠣᠷᠣᠰ ᠤᠨ ᠪᠦᠭᠦ | ᠣᠷᠣᠰ ᠤᠨ ᠤᠯᠤᠰ ᠤᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠺᠤᠮᠫᠠᠨᠢ ᠲᠤᠰ ᠡᠳᠦᠷ ᠮᠣᠰᠺᠸᠠ ᠳᠤ ᠬᠠᠮᠲᠤᠷᠠᠨ ᠡᠷᠭᠢᠯᠡᠪᠡ ᠃ ᠲᠤᠰ ᠡᠳᠦᠷ ᠂ ᠤᠷᠤᠰ ᠤᠨ | ᠶᠡᠷᠦᠩᠬᠡᠶᠢᠯᠡᠭᠴᠢ ᠫᠦᠲ᠋ᠢᠨ ᠪᠠᠰᠠ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ ᠃ | |