| | 5 ᠰᠠᠷ᠎ᠠ ᠶᠢᠨ 6 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠱᠠᠬᠳᠠᠷ ᠪᠠᠯᠭᠠᠰᠤ ᠂ ᠯᠠᠨ ᠲᠢᠶᠠᠨ ᠵᠡᠭᠡᠯᠢ ᠭᠤᠳᠤᠮᠵᠢ | ᠶᠢᠨ ᠭᠡᠷᠡᠭ ᠡᠷᠬᠢᠯᠡᠬᠦ ᠭᠠᠵᠠᠷ ᠂ ᠳ᠋ᠠ ᠯᠦ ᠪᠠᠯᠭᠠᠰᠤ ᠂ ᠪᠤᠷᠤᠳᠤᠬᠤᠢ ᠰᠤᠮᠤ ᠵᠡᠷᠭᠡ ᠭᠠᠵᠠᠷ ᠤᠳ ᠢᠶᠠᠷ ᠭᠦᠨᠵᠡᠭᠡᠶᠢᠷᠡᠵᠦ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠂ ᠨᠢᠭᠡᠳᠦᠮᠡᠯ ᠹᠷᠣᠨᠲ ᠵᠡᠷᠭᠡ ᠠᠵᠢᠯ ᠢ ᠪᠠᠶᠢᠴᠠᠭᠠᠨ ᠰᠤᠳᠤᠯᠵᠤ ᠂ ᠬᠤᠰᠢᠭᠤᠨ ᠤ ᠤᠳᠤᠷᠢᠳᠤᠯᠭ᠎ᠠ | ᠸᠠᠩ ᠢᠦᠢ ᠵᠢᠶᠧ ᠂ ᠸᠠᠩ ᠮᠢᠨ ᠵᠢᠴᠢ ᠬᠠᠮᠢᠶ᠎ᠠ ᠪᠦᠬᠦᠢ ᠬᠠᠷᠢᠶᠠᠲᠤ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | | ᠵᠢᠷᠤᠭ ᠄ 5 ᠰᠠᠷ᠎ᠠ ᠶᠢᠨ 6 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠱᠠᠬᠳᠠᠷ ᠪᠠᠯᠭᠠᠰᠤᠨ ᠤ ᠮᠣᠩᠭᠤᠯ ᠬᠢᠲᠠᠳ | ᠦᠨᠳᠤᠰᠤᠳᠡᠨ ᠤ ᠪᠦᠯᠬᠦᠮᠳᠡᠯ ᠤᠨ ᠶᠡᠭᠡ ᠬᠥᠭᠦᠷᠭᠡ ᠳᠡᠭᠡᠷ᠎ᠠ ᠢᠷᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ | ᠴᠣᠭᠴᠠᠯᠠᠬᠤ ᠪᠣᠳᠠᠲᠤ ᠦᠵᠡᠮᠵᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ | ᠲᠤᠨᠢ ᠤᠶᠢᠯᠠᠭᠠᠵᠤ ᠪᠠᠶᠢᠭ᠎ᠠ ᠨᠢ ᠃ ᠼᠤᠤ ᠸᠧᠨ ᠶᠢᠨ ᠰᠡᠭᠦᠳᠡᠷᠯᠡᠪᠡ | | ᠱᠠᠬᠳᠠᠷ ᠪᠠᠯᠭᠠᠰᠤᠨ ᠤ ᠮᠣᠩᠭᠤᠯ ᠬᠢᠲᠠᠳ ᠦᠨᠳᠤᠰᠤᠳᠡᠨ ᠤ ᠪᠦᠯᠬᠦᠮᠳᠡᠯ ᠤᠨ ᠶᠡᠭᠡ ᠬᠥᠭᠦᠷᠭᠡ ᠂ ᠪᠤᠷᠤᠳᠤᠬᠤᠢ ᠰᠤᠮᠤᠨ ᠤ ᠤᠷᠬᠢᠬᠤ ᠭᠠᠴᠠᠭ᠎ᠠ ᠂ ᠱᠦᠢ ᠵᠢᠩ | ᠬᠤ᠋ ᠨᠠᠭᠤᠷ ᠤᠨ ᠰᠢᠨᠡᠬᠥ᠋ᠳᠡᠭᠡ ᠲᠣᠰᠬᠤᠨ ᠤ ᠰᠣᠶᠣᠯ ᠤᠨ ᠣᠷᠳᠣᠨ ᠤ ᠰᠦᠷᠦᠭᠵᠢᠯ ᠳᠤ ᠂ ᠸᠠᠩ ᠭᠦᠸᠧ ᠴᠢᠦᠸᠠᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠣᠳᠠᠲᠤ ᠦᠵᠡᠮᠵᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠲᠠᠩᠬᠢᠮ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ ᠂ ᠦᠵᠡᠯ | ᠰᠠᠨᠠᠭ᠎ᠠ ᠤᠯᠤᠰ ᠲᠥᠷᠥ ᠶᠢᠨ ᠪᠣᠳᠠᠲᠤ ᠦᠵᠡᠮᠵᠢ ᠶᠢᠨ ᠬᠢᠴᠢᠶᠡᠯ ᠤᠨ ᠲᠠᠩᠬᠢᠮ ᠢ ᠥᠨᠳᠥᠷ ᠪᠠᠷᠢᠮᠵᠢᠶ᠎ᠠ ᠪᠠᠷ ᠦᠷᠨᠢᠬᠦᠯᠤᠨ ᠂ ᠦᠨᠳᠦᠰᠦᠲᠡᠨ ᠤ ᠪᠦᠯᠬᠦᠮᠳᠡᠯ ᠤᠨ | ᠥᠯᠢᠭᠡᠷ ᠢ ᠰᠠᠶᠢᠲᠤᠷ ᠶᠠᠷᠢᠵᠤ ᠂ ᠤᠯᠠᠮᠵᠢᠯᠠᠬᠤ ᠬᠡᠯᠪᠡᠷᠢ ᠶᠢ ᠪᠠᠶᠠᠯᠢᠭᠵᠢᠭᠤᠯᠤᠨ ᠳᠡᠯᠭᠡᠨ ᠦᠵᠡᠭᠦᠯᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠭᠦᠨ ᠭᠦᠨᠵᠡᠭᠡᠢ ᠠᠭᠤᠯᠤᠭᠳᠠᠬᠤᠨ ᠢ ᠦᠨᠡᠨ ᠬᠦ ᠮᠡᠳᠡᠷᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ ᠃ | | ᠵᠢᠷᠤᠭ ᠄ 5 ᠰᠠᠷ᠎ᠠ ᠶᠢᠨ 6 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠵᠡᠭᠦᠨᠭᠠᠷ ᠬᠤᠰᠢᠭᠤᠨ ᠤ ᠦᠨᠳᠦᠰᠦᠲᠡᠨ ᠤ | ᠤᠯᠠᠮᠵᠢᠯᠠᠯᠲᠤ ᠭᠠᠷ ᠤᠷᠠᠯᠠᠯ ᠤᠨ ᠠᠵᠢᠯ ᠣᠯᠭᠤᠯᠲᠠ ᠶᠢ ᠠᠬᠢᠭᠤᠯᠬᠤ ᠦᠢᠯᠡᠴᠢᠯᠡᠭᠡᠨ ᠤ ᠥᠷᠲᠡᠭᠡ ᠳᠤ ᠬᠦᠷᠴᠦ ᠂ ᠦᠨᠳᠦᠰᠦᠲᠡᠨ ᠤ ᠤᠯᠠᠮᠵᠢᠯᠠᠯᠲᠤ ᠭᠠᠷ | ᠤᠷᠠᠯᠠᠯ ᠤᠨ ᠠᠵᠢᠯ ᠣᠯᠭᠤᠯᠲᠠ ᠶᠢ ᠠᠬᠢᠭᠤᠯᠬᠤ ᠂ ᠰᠣᠶᠣᠯ ᠢ ᠤᠯᠠᠮᠵᠢᠯᠠᠬᠤ ᠵᠡᠷᠭᠡ ᠠᠵᠢᠯ ᠢ ᠨᠠᠷᠢᠨ ᠣᠶᠢᠯᠠᠭᠠᠵᠤ ᠪᠠᠶᠢᠭ᠎ᠠ ᠨᠢ ᠃ | ᠼᠤᠤ ᠸᠧᠨ ᠶᠢᠨ ᠰᠡᠭᠦᠳᠡᠷᠯᠡᠪᠡ | | ᠮᠠᠩᠬᠠᠨ ᠠᠶᠠᠯᠭᠤ ᠶᠢᠨ ᠲᠥᠷᠥᠯ ᠵᠦᠢᠯ ᠤᠨ ᠤᠯᠤᠰ ᠤᠨ ᠳᠡᠰ ᠤᠨ ᠤᠯᠠᠮᠵᠢᠯᠠᠭᠴᠢ ᠴᠢ ᠹᠦ᠋ ᠯᠢᠨ ᠤ ᠪᠣᠯᠪᠠᠰᠤᠷᠠᠯ ᠤᠨ ᠰᠠᠭᠤᠷᠢᠨ ᠭᠠᠵᠠᠷ ᠂ ᠵᠡᠭᠦᠨᠭᠠᠷ | ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠣᠯᠭᠤᠯᠲᠠ ᠶᠢ ᠠᠬᠢᠭᠤᠯᠬᠤ ᠦᠢᠯᠡᠴᠢᠯᠡᠭᠡᠨ ᠤ ᠥᠷᠲᠡᠭᠡᠨ ᠳᠤ ᠂ ᠸᠠᠩ ᠭᠦᠸᠧ | ᠴᠢᠦᠦᠠᠨ ᠰᠠᠭᠤᠷᠢᠨ ᠭᠠᠵᠠᠷ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠪᠠ ᠦᠢᠯᠡᠴᠢᠯᠡᠭᠡᠨ ᠤ ᠥᠷᠲᠡᠭᠡ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ | ᠣᠶᠢᠯᠠᠭᠠᠵᠤ ᠂ ᠵᠡᠭᠦᠨᠭᠠᠷ ᠤᠨ ᠣᠨᠴᠠᠯᠢᠭ ᠲᠤ ᠰᠠᠭᠤᠷᠢᠯᠠᠨ ᠭᠦᠨᠵᠡᠭᠡᠢ ᠰᠤᠳᠤᠯᠤᠯᠲᠠ ᠬᠢᠵᠦ ᠂ ᠪᠣᠯᠪᠠᠰᠤᠷᠠᠯ ᠪᠠ ᠵᠣᠬᠢᠶᠠᠨ ᠪᠦᠲᠦᠭᠡᠬᠦ ᠡᠷᠴᠢᠮ ᠢᠶᠠᠨ ᠴᠢᠩᠭᠠᠷᠠᠭᠤᠯᠤᠨ ᠂ | ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠭᠦᠢᠴᠡᠳ ᠠᠰᠢᠭᠯᠠᠨ ᠠᠵᠢᠯ ᠣᠯᠭᠤᠯᠲᠠ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ ᠪᠤᠳᠠᠰ ᠤᠨ ᠪᠤᠰᠤ | ᠰᠤᠶᠤᠯ ᠤᠨ ᠦᠪ ᠤᠨ ᠬᠠᠮᠠᠭᠠᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | | ᠵᠢᠷᠤᠭ ᠄ 5 ᠰᠠᠷ᠎ᠠ ᠶᠢᠨ 6 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠤᠨ ᠪᠠᠢ ᠶᠦᠨ ᠨᠡᠶᠢᠭᠡᠮ ᠲᠣᠭᠤᠷᠢᠭ ᠲᠤ ᠢᠷᠡᠵᠦ ᠂ ᠲᠣᠰ ᠨᠡᠶᠢᠭᠡᠮ ᠲᠣᠭᠤᠷᠢᠭ ᠤᠨ ᠨᠢᠭᠡᠳᠦᠮᠡᠯ ᠹᠷᠣᠨᠲ ᠵᠡᠷᠭᠡ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ ᠃ ᠼᠤᠤ ᠸᠧᠨ ᠶᠢᠨ ᠰᠡᠭᠦᠳᠡᠷᠯᠡᠪᠡ | | ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭᠡᠷᠬᠢᠯᠡᠬᠦ ᠭᠠᠵᠠᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠬᠴᠠᠯᠠᠬᠤ ᠬᠥᠮᠦᠵᠢᠯ ᠦᠢᠯᠡᠳᠦᠯᠭᠡ ᠶᠢᠨ ᠭᠠᠵᠠᠷ ᠂ ᠵᠡᠭᠦᠨᠭᠠᠷ ᠬᠤᠰᠢᠭᠤᠨ ᠤ ᠨᠠᠮ ᠤᠨ ᠭᠠᠳᠠᠨᠠᠬᠢ ᠴᠢᠳᠠᠪᠤᠷᠢᠲᠠᠨ ᠤ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠤᠨ ᠬᠢᠨ ᠲᠠᠢ ᠬᠤᠯᠪᠣᠭ᠎ᠠ ᠠᠪᠬᠤ ᠥᠷᠲᠡᠭᠡ ᠂ ᠪᠠᠢ ᠶᠦᠨ ᠨᠡᠶᠢᠭᠡᠮ ᠲᠣᠭᠤᠷᠢᠭ ᠲᠤ ᠂ ᠸᠠᠩ ᠭᠦᠸᠧ ᠴᠢᠦᠸᠠᠨ ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠠᠮᠢᠳᠤᠷᠠᠯ ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢ | ᠲᠣᠭᠤᠷᠢᠨ ᠦᠵᠡᠵᠦ ᠂ ᠠᠬᠠᠮᠠᠳ ᠱᠦᠵᠢ ᠶᠢᠨ ᠨᠠᠮ ᠤᠨ ᠬᠢᠴᠢᠶᠡᠯ ᠵᠢᠭᠠᠬᠤ ᠵᠢᠴᠢ ︽ ᠡᠮᠴᠢᠯᠡᠭᠡ ᠪᠠᠷ ᠲᠦᠮᠡᠨ ᠡᠷᠦᠬᠡ ᠳᠤ ᠠᠰᠢᠭ ᠬᠦᠷᠲᠡᠭᠡᠬᠦ ︾ ᠂ ︽ ᠰᠠᠶᠢᠨ | ᠰᠠᠶᠢᠬᠠᠨ ᠢ ᠡᠳ᠋ᠯᠡᠬᠦ ︾ ᠂ ︽ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ︾ ᠵᠡᠷᠭᠡ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ | ᠣᠶᠢᠯᠠᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ | ᠤᠶᠠᠯᠳᠤᠭᠤᠯᠤᠨ᠂ ︽ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠢᠭ᠎ᠠ ᠪᠠᠶᠢᠭᠤᠯᠪᠠᠯ ᠨᠢᠭᠡᠳᠦᠮᠡᠯ ᠹᠷᠣᠨᠲ ᠤᠨ ᠠᠵᠢᠯ ᠢ ᠲᠡᠨᠳᠡ ᠬᠦᠷᠲᠡᠯ᠎ᠡ ᠦᠷᠭᠦᠯᠵᠢᠯᠡᠭᠦᠯᠬᠦ︾ | ᠠᠵᠢᠯ ᠤᠨ ᠰᠡᠳᠬᠢᠴᠡ ᠶᠢ ᠦᠷᠭᠦᠯᠵᠢᠯᠡᠨ ᠪᠠᠷᠢᠮᠲᠠᠯᠠᠵᠤ ᠂ ᠨᠠᠮ ᠤᠨ ᠭᠠᠳᠠᠨᠠᠬᠢ ᠬᠥᠮᠥᠰ ᠤᠨ︽ᠬᠠᠯᠠᠭᠤᠨ ᠳᠤᠯᠠᠭᠠᠨ ᠭᠡᠷ ᠪᠦᠯᠢ︾ ᠪᠣᠯᠣᠨ︽ᠤᠶᠤᠨᠴᠢ ᠲᠠᠪᠴᠠᠩ︾ ᠢ | ᠰᠠᠶᠢᠲᠤᠷ ᠪᠠᠶᠢᠭᠤᠯᠵᠤ ᠂ ︽ ᠰᠡᠳᠬᠢᠯ ᠢᠶᠠᠨ ᠨᠢᠭᠡᠳᠭᠡᠨ ᠵᠤᠯ ᠵᠢᠷᠭᠠᠯ ᠢ ᠬᠠᠮᠳᠤᠳᠬᠠᠬᠤ ︾ ᠨᠢᠭᠡᠳᠦᠮᠡᠯ ᠹᠷᠣᠨᠲ ᠤᠨ ᠲᠦᠷᠦᠯ ᠲᠡᠮᠳᠡᠭ ᠢ ᠨᠡᠩ ᠰᠠᠶᠢᠨ ᠡᠭᠦᠳᠬᠦ | ᠬᠡᠷᠡᠭᠲᠡᠢ ᠭᠡᠵᠦ ᠴᠢᠬᠤᠯᠠᠴᠢᠯᠠᠪᠠ᠃ | ᠳ᠋ᠠ ᠯᠦ ᠪᠠᠯᠭᠠᠰᠤᠨ ᠤ ᠹᠠᠩ ᠽᠢ ᠲᠠᠨ ᠲᠣᠰᠬᠤᠨ ᠳᠤ ᠂ ᠸᠠᠩ ᠭᠦᠸᠧ ᠴᠢᠦᠸᠠᠨ ᠥᠪᠥᠷ ᠮᠣᠩᠭᠤᠯ ᠤᠨ ᠾᠧᠩ ᠮᠣᠣ ᠬᠢᠵᠠᠭᠠᠷᠲᠤ ᠺᠣᠮᠫᠠᠨᠢ ᠶᠢᠨ 450 | ᠲᠦᠮᠡᠨ ᠲᠣᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠪᠠᠶᠢᠳᠠᠯ ᠢ ᠨᠠᠷᠢᠨ ᠣᠶᠢᠯᠠᠭᠠᠵᠤ ᠂ ︽ᠲᠦᠮᠡᠨ ᠠᠵᠤ ᠠᠬᠤᠶᠢᠯᠠᠯ ᠢᠶᠠᠷ | ᠲᠦᠮᠡᠨ ᠲᠣᠰᠬᠤᠨ ᠢ ᠮᠠᠨᠳᠤᠭᠤᠯᠤᠨ ᠭᠦᠭᠵᠢᠬᠦᠯᠬᠦ︾ᠠᠵᠢᠯᠯᠠᠭ᠎ᠠ ᠶᠢ ᠭᠦᠨᠵᠡᠭᠡᠢ ᠠᠬᠢᠭᠤᠯᠵᠤ ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠰᠠᠭᠤᠷᠢᠯᠠᠨ ᠂ ᠪᠠᠯᠭᠠᠰᠤᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠳᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠤᠶᠢᠷ᠎ᠠ ᠬᠠᠪᠢ ᠶᠢᠨ | ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠪᠣᠯᠣᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠢ ᠳᠠᠶᠢᠴᠢᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠪᠤᠷᠤᠳᠤᠬᠤᠢ ᠦᠨᠳᠦᠰᠦᠲᠡᠨ ᠤ ᠪᠠᠭ᠎ᠠ ᠰᠤᠷᠭᠠᠭᠤᠯᠢ ᠳᠤ ᠂ ᠸᠠᠩ ᠭᠦᠸᠧ ᠴᠢᠦᠸᠠᠨ ᠰᠤᠷᠭᠠᠭᠤᠯᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠪᠣᠯᠣᠨ ᠠᠭᠤᠷ ᠠᠮᠢᠰᠬᠤᠯ ᠢ ᠳᠠᠰᠤᠷᠠᠯᠳᠠ ᠦᠭᠡᠢ | ᠰᠢᠯᠢᠳᠡᠭᠵᠢᠭᠦᠯᠵᠦ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ ᠂ ᠦᠨᠳᠦᠰᠦᠲᠡᠨ ᠤ ᠪᠦᠯᠬᠦᠮᠳᠡᠯ | ᠳᠠᠪᠰᠢᠯᠳᠠ ᠶᠢᠨ ᠰᠠᠷ᠎ᠠ ᠵᠡᠷᠭᠡ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ | ᠴᠤᠬᠴᠠᠯᠠᠬᠤ ᠡᠯ᠎ᠡ ᠵᠦᠢᠯ ᠤᠨ ᠠᠵᠢᠯ ᠢ ᠦᠨᠡᠨᠬᠦ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠨᠡ ᠬᠤᠭᠤᠴᠠᠭᠠᠨ ᠳᠤ ᠂ ᠸᠠᠩ ᠭᠦᠸᠧ ᠴᠢᠦᠸᠠᠨ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠥᠵᠢᠯ ᠢ ᠭᠦᠨᠵᠡᠭᠡᠢ | ᠳᠤᠭᠤᠰᠢᠯᠠᠭᠤᠯᠤᠨ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠰᠢᠨ᠎ᠡ ᠴᠠᠭ ᠦᠶ᠎ᠡ ᠶᠢᠨ ᠨᠠᠮ ᠤᠨ | ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠂ ᠪᠥᠬᠦ ᠬᠤᠰᠢᠭᠤᠨ ᠤ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠭᠰᠠᠨ | ᠵᠢᠱᠢᠶ᠎ᠡ ᠦᠵᠡᠭᠦᠯᠬᠦ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠵᠡᠷᠭᠡ ᠠᠵᠢᠯ ᠤᠨ ᠲᠠᠯ᠎ᠠ ᠪᠠᠷ ᠴᠢᠬᠤᠯᠠᠴᠢᠯᠠᠭᠰᠠᠨ | ᠪᠠᠶᠢᠨ᠎ᠠ ᠃ | | | | |