| ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ ᠪᠠᠪᠤᠣᠱᠠᠨ ᠳᠠᠬᠢ ᠬᠤᠪᠢᠰᠬᠠᠯᠴᠢᠳ ᠤᠨ | ᠨᠡᠶᠢᠲᠡ ᠶᠢᠨ ᠪᠤᠩᠬᠤᠨ ᠳᠤ ᠬᠦᠷᠴᠦ ᠠᠶᠠᠷᠯᠠᠨ ᠮᠣᠷᠳᠠᠭᠤᠯᠵᠠᠢ | ᠰᠢᠦᠢ ᠴᠢ ᠯᠢᠶᠠᠩ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ ᠰᠢ ᠶᠢᠨ ᠫᠢᠩ ᠯᠢ ᠴᠢᠶᠠᠩ ᠵᠤᠤ ᠯᠧ | ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ ᠬᠦᠷᠴᠦ ᠪᠣᠯᠭᠤᠭᠠᠨ | ᠦᠵᠡᠭᠰᠡᠨ ᠪᠤᠶᠤ ᠤᠯᠠᠨ ᠭᠡᠯᠪᠡᠷᠢ ᠪᠠᠷ ᠰᠢᠦᠢ ᠴᠢ ᠯᠢᠶᠠᠩ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠬᠦ ᠶᠢᠨ ᠬᠠᠮᠲᠤ | ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 8 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢᠳᠡᠭ ᠭᠡᠰᠢᠭᠦᠨ ᠂ ᠣᠷᠲᠤ | ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠦᠨᠡᠨᠴᠢ ᠰᠢᠳᠤᠷᠭᠤ ᠡᠪ ᠬᠠᠮᠲᠤ ᠶᠣᠰᠣᠨ ᠤ ᠪᠠᠶᠢᠯᠳᠤᠭᠴᠢ ᠂ ᠦᠭᠡᠶᠢᠭᠦᠦ ᠠᠩᠭᠢ ᠶᠢᠨ ᠴᠡᠷᠢᠭ ᠤᠨ ᠡᠷᠳᠡᠮᠲᠡᠨ ᠂ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠭᠠᠷᠮᠠᠭᠠᠢ ᠤᠳᠤᠷᠢᠳᠬᠤ ᠬᠥᠮᠥᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠨᠠᠢᠮᠠᠳᠤᠭᠠᠷ ᠂ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠤᠯ ᠤᠨ ᠳᠡᠳ᠋ ᠲᠡᠷᠢᠭᠦᠯᠡᠭᠴᠢ ᠰᠢᠦᠢ ᠴᠢ ᠯᠢᠶᠠᠩ ᠨᠥᠬᠦᠷ ᠤᠨ ᠴᠢᠨᠳᠠᠷ ᠢ 8 ᠤ ᠡᠳᠦᠷ ᠪᠡᠭᠡᠵᠢᠩ ᠤᠨ ᠪᠠᠪᠦᠦᠱᠠᠨ ᠳᠠᠬᠢ ᠬᠤᠪᠢᠰᠬᠠᠯᠴᠢᠳ ᠤᠨ | ᠨᠡᠶᠢᠲᠡ ᠶᠢᠨ ᠪᠤᠩᠬᠤᠨ ᠳᠤ ᠳᠡᠭᠳᠡᠭᠡᠪᠡ ᠃ | ᠰᠢᠦᠢ ᠴᠢ ᠯᠢᠶᠠᠩ ᠨᠥᠬᠦᠷ ᠡᠪᠡᠳᠴᠢᠨ ᠢᠶᠠᠷ 2025 ᠣᠨ ᠤ 6 ᠰᠠᠷ᠎ᠠ ᠶᠢᠨ 2 ᠤᠨ ᠡᠳᠦᠷ ᠤᠨ 12 ᠴᠠᠭ 12 ᠮᠢᠨᠦ᠋ᠲ ᠲᠤ ᠪᠡᠭᠡᠵᠢᠩ ᠳᠤ ᠨᠠᠰᠤ ᠪᠠᠷᠠᠪᠠ ᠂ | ᠨᠠᠰᠤᠨ ᠰᠡᠭᠦᠳᠡᠷ 75 ᠲᠠᠢ ᠃ | ᠰᠢᠦᠢ ᠴᠢ ᠯᠢᠶᠠᠩ ᠨᠥᠬᠦᠷ ᠤᠨ ᠡᠪᠡᠳᠴᠢᠨ ᠬᠦᠨᠳᠦ ᠪᠠᠶᠢᠭᠰᠠᠨ ᠬᠤᠭᠤᠴᠠᠭᠠᠨ ᠳᠤ ᠪᠠ ᠨᠠᠰᠤ ᠪᠠᠷᠠᠭᠰᠠᠨ ᠤ ᠳᠠᠷᠠᠭ᠎ᠠ ᠂ ᠰᠢ ᠶᠢᠨ ᠫᠢᠩ ᠂ ᠯᠢ ᠴᠢᠶᠠᠩ ᠂ ᠵᠤᠤ | ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠂ ᠬᠤ᠋ ᠶᠢᠨ ᠲᠤᠤ ᠵᠡᠷᠭᠡ ᠨᠥᠬᠦᠳ ᠡᠮᠨᠡᠯᠭᠡ ᠶᠢᠨ ᠬᠤᠷᠢᠶ᠎ᠠ ᠳᠤ | ᠬᠦᠷᠴᠦ ᠪᠣᠯᠭᠤᠭᠠᠨ ᠦᠵᠡᠭᠰᠡᠨ ᠪᠤᠶᠤ ᠤᠯᠠᠨ ᠭᠡᠯᠪᠡᠷᠢ ᠪᠠᠷ ᠰᠢᠦᠢ ᠴᠢ ᠯᠢᠶᠠᠩ ᠨᠥᠬᠦᠷ ᠤᠨ ᠨᠠᠰᠤ ᠪᠠᠷᠠᠭᠰᠠᠨ ᠳᠤ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ | ᠢᠯᠡᠳᠬᠡᠬᠦ ᠶᠢᠨ ᠬᠠᠮᠲᠤ ᠲᠦᠷᠦᠯ ᠰᠠᠳᠤᠨ ᠢ ᠨᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ ᠃ | 8 ᠤ ᠦᠳᠡ ᠶᠢᠨ ᠡᠮᠦᠨ᠎ᠡ ᠂ ᠪᠠᠪᠤᠣᠱᠠᠨ ᠳᠠᠬᠢ ᠬᠤᠪᠢᠰᠬᠠᠯᠴᠢᠳ ᠤᠨ ᠨᠡᠶᠢᠲᠡ ᠶᠢᠨ ᠪᠤᠩᠬᠤᠨ ᠤ ᠶᠣᠰᠣᠯᠠᠯ ᠤᠨ ᠲᠠᠩᠬᠢᠮ ᠲᠥᠪ ᠴᠢᠬᠢᠮᠡᠢ ᠪᠠᠶᠢᠵᠤ ᠂ | ᠭᠠᠰᠢᠭᠤᠳᠠᠯ ᠤᠨ ᠠᠶᠠᠰ ᠤᠶᠠᠷᠠᠭᠤᠨ ᠨᠠᠮᠬᠠᠨ ᠰᠣᠨᠣᠰᠳᠠᠨ᠎ᠠ ᠃ ᠭᠤᠣᠯ ᠲᠢᠩᠬᠢᠮ ᠤᠨ ᠳᠡᠭᠡᠷ᠎ᠡ ᠲᠠᠯ᠎ᠠ ᠳᠤ ︽ ᠰᠢᠦᠢ ᠴᠢ ᠯᠢᠶᠠᠩ ᠨᠥᠬᠦᠷ ᠢ ᠡᠮᠭᠡᠨᠢᠨ ᠭᠠᠰᠢᠭᠤᠳᠠᠶ᠎ᠠ ︾ | ᠭᠡᠬᠦ ᠬᠠᠷ᠎ᠠ ᠳᠡᠪᠢᠰᠬᠡᠷ ᠲᠠᠢ ᠴᠠᠭᠠᠨ ᠦᠰᠦᠭ ᠤᠨ ᠬᠥᠨᠳᠡᠯᠡᠨ ᠪᠢᠴᠢᠭᠡᠰᠦ ᠶᠢ ᠡᠯᠭᠦᠵᠦ ᠂ ᠬᠥᠨᠳᠡᠯᠡᠨ ᠪᠢᠴᠢᠭᠡᠰᠦ ᠶᠢᠨ ᠳᠣᠣᠷ᠎ᠠ ᠲᠠᠯ᠎ᠠ ᠳᠤ ᠰᠢᠦᠢ ᠴᠢ ᠯᠢᠶᠠᠩ | ᠨᠥᠬᠦᠷ ᠤᠨ ᠭᠦᠷᠦᠭ ᠢ ᠡᠯᠭᠦᠵᠡᠢ ᠃ ᠰᠢᠦᠢ ᠴᠢ ᠯᠢᠶᠠᠩ ᠨᠥᠬᠦᠷ ᠤᠨ ᠴᠢᠨᠳᠠᠷ ᠢ ᠰᠣᠷᠭᠤᠭ ᠴᠡᠴᠡᠭ ᠨᠠᠷᠠᠰᠤ ᠮᠠᠶᠢᠯᠠᠰᠤ ᠪᠠᠷ ᠬᠦᠷᠢᠶᠡᠯᠡᠵᠦ ᠂ ᠪᠡᠶ᠎ᠡ ᠳᠡᠭᠡᠷ᠎ᠡ ᠨᠢ ᠭᠠᠯ | ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠢ ᠬᠤᠴᠢᠵᠠᠢ ᠃ | ᠦᠳᠡ ᠶᠢᠨ ᠡᠮᠦᠨᠡᠬᠢ 9 ᠴᠠᠭ 30 ᠮᠢᠨᠦ᠋ᠲ ᠤᠨ ᠦᠶ᠎ᠡ ᠪᠠᠷ ᠂ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ | ᠰᠢᠤᠸᠠᠢ ᠰᠢᠶᠠᠩ ᠂ ᠯᠢ ᠰᠢ ᠨᠠᠷ ᠭᠠᠰᠢᠭᠤᠳᠠᠯ ᠤᠨ ᠠᠶᠠᠰ ᠤᠨ ᠳᠤᠮᠳᠠ ᠰᠢᠦᠢ ᠴᠢ ᠯᠢᠶᠠᠩ ᠨᠥᠬᠦᠷ ᠤᠨ ᠴᠢᠨᠳᠠᠷ ᠤᠨ ᠡᠮᠦᠨ᠎ᠡ ᠠᠯᠭᠤᠷᠬᠠᠨ ᠬᠦᠷᠴᠦ ᠲᠥᠪ | ᠵᠣᠭᠰᠣᠵᠤ ᠨᠠᠮᠠᠨᠴᠢᠯᠠᠨ ᠭᠠᠰᠢᠭᠤᠳᠠᠵᠤ ᠂ ᠰᠢᠦᠢ ᠴᠢ ᠯᠢᠶᠠᠩ ᠨᠥᠬᠦᠷ ᠤᠨ ᠴᠢᠨᠳᠠᠷ ᠲᠤ ᠭᠤᠷᠪᠠᠨᠲᠠ ᠶᠣᠰᠣᠯᠠᠵᠤ ᠂ ᠰᠢᠦᠢ ᠴᠢ ᠯᠢᠶᠠᠩ ᠨᠥᠬᠦᠷ ᠤᠨ ᠲᠦᠷᠦᠯ | ᠰᠠᠳᠤᠨ ᠲᠠᠢ ᠨᠢᠭᠡᠳ ᠨᠢᠭᠡ ᠪᠠᠷ ᠭᠠᠷ ᠠᠳᠬᠤᠵᠤ ᠲᠣᠬᠤᠨᠢᠭᠤᠯᠵᠤ ᠪᠠᠶᠢᠬᠤ ᠪᠠᠨ ᠢᠯᠡᠳᠬᠡᠪᠡ ᠃ | ᠨᠠᠮ ᠂ ᠲᠦᠷᠦ ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠦᠷᠴᠦ ᠠᠶᠠᠷᠯᠠᠨ ᠮᠣᠷᠳᠠᠭᠤᠯᠤᠭᠰᠠᠨ ᠪᠤᠶᠤ ᠡᠯ᠎ᠡ ᠵᠦᠢᠯ ᠤᠨ | ᠭᠡᠯᠪᠡᠷᠢ ᠪᠠᠷ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠪᠡ ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠂ ᠰᠢᠦᠢ ᠴᠢ ᠯᠢᠶᠠᠩ ᠨᠥᠬᠦᠷ ᠤᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠣᠯᠣᠨ ᠨᠤᠲᠤᠭ ᠤᠨ ᠬᠢᠨᠢ | ᠲᠥᠯᠥᠭᠡᠯᠡᠭᠴᠢᠳ ᠴᠤ ᠬᠦᠷᠦᠯᠴᠡᠨ ᠢᠷᠡᠵᠦ ᠠᠶᠠᠷᠯᠠᠨ ᠮᠣᠷᠳᠠᠭᠤᠯᠵᠠᠢ ᠃ | | |