| | ᠳᠡᠯᠭᠡᠷ ᠰᠠᠶᠢᠬᠠᠨ ᠵᠤᠨ ᠤ ᠤᠯᠠᠷᠢᠯ ᠤᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠂ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠦᠷᠨᠢᠯᠳᠡ | ᠢᠳᠡ ᠬᠦᠭ ᠲᠠᠢ ᠶᠠᠪᠤᠬᠳᠠᠨ᠎ᠠ᠃ ᠢ ᠳ᠋ᠦᠩ ᠪᠦᠯᠦᠭᠯᠡᠯ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠡᠷᠭᠢᠯᠳᠦᠭᠦᠯᠦᠨ ᠠᠰᠢᠭᠯᠠᠬᠤ ᠲᠦᠷᠦᠯ ᠵᠦᠢᠯ ᠤᠨ | ᠪᠠᠷᠢᠯᠭ᠎ᠠ ᠶᠢᠨ ᠠᠬᠤᠢ ᠲᠠᠯᠠᠪᠠᠢ ᠳᠤ ᠰᠤᠪᠤᠷᠭᠠᠨ ᠳᠡᠭᠦᠵᠢᠩ ᠰᠦᠨᠳᠡᠷᠯᠡᠨ ᠂ ᠪᠠᠷᠢᠯᠭ᠎ᠠ ᠶᠢᠨ ᠮᠠᠰᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ ᠂ ᠮᠢᠩᠭ᠎ᠠ ᠭᠠᠷᠤᠢ | ᠠᠵᠢᠯᠴᠢᠨ ᠬᠥᠯᠥᠰᠦ ᠪᠠᠨ ᠤᠷᠤᠰᠬᠠᠨ ᠭᠠᠪᠰᠢᠭᠠᠶᠢᠯᠠᠨ ᠠᠵᠢᠯᠯᠠᠵᠤ ᠂ ᠲᠦᠷᠦᠯ ᠵᠦᠢᠯ ᠲᠥᠯᠥᠪᠯᠡᠭᠡ ᠶᠣᠰᠣᠭᠠᠷ ᠲᠣᠭᠲᠠᠭᠤᠨ ᠢᠶᠠᠷ ᠠᠬᠢᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠵᠤ ᠪᠠᠶᠢᠯ᠎ᠠ᠃ | ︽ᠳᠦᠷᠤᠯ ᠵᠤᠶᠢᠯ ᠤᠨ ᠰᠢᠷᠤᠢ ᠶᠢᠨ ᠪᠠᠷᠢᠯᠭ᠎ᠠ ᠶᠢᠨ ᠠᠵᠢᠯ ᠶᠠᠭ ᠢᠳᠡ ᠬᠥᠭ ᠲᠠᠢ ᠶᠠᠪᠤᠭᠳᠠᠵᠤ ᠪᠠᠶᠢᠨ᠎ᠠ ︕ ︾ ᠢ ᠳ᠋ᠦᠩ ᠳᠡᠭᠡᠳᠦ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠰᠢᠶᠣᠣ ᠯᠦᠩ ᠤᠨ ᠲᠠᠨᠢᠯᠴᠠᠭᠤᠯᠤᠭᠰᠠᠨ ᠢᠶᠠᠷ ᠂ 8 ᠰᠠᠷ᠎ᠠ ᠶᠢᠨ ᠰᠡᠭᠦᠯᠴᠢ ᠪᠠᠷ ᠂ 2 ᠲᠦᠮᠡᠨ ᠬᠠᠪᠳᠠᠭᠠᠢ | ᠳᠦᠷᠪᠡᠯᠵᠢᠨ ᠮᠧᠲᠷ ᠤᠨ ᠲᠦᠭᠦᠬᠡᠢ ᠮᠠᠲ᠋ᠧᠷᠢᠶᠠᠯ ᠣᠪᠣᠭᠠᠯᠠᠬᠤ ᠰᠠᠷᠠᠪᠴᠢ ᠶᠢ ᠬᠠᠮᠤᠭ ᠤᠨ ᠲᠦᠷᠦᠭᠦᠨ ᠳᠤ ᠲᠤᠰᠢᠶᠠᠨ ᠥᠭᠴᠦ ᠠᠰᠢᠬᠯᠠᠯᠳᠠ ᠳᠤ ᠤᠷᠤᠭᠤᠯᠤᠨ᠎ᠠ︔ | 9 ᠰᠠᠷ᠎ᠠ ᠶᠢᠨ ᠰᠡᠭᠦᠯᠴᠢ ᠪᠠᠷ᠂ ᠲᠦᠭᠦᠬᠡᠢ ᠮᠠᠲ᠋ᠧᠷᠢᠶᠠᠯ ᠤᠨ ᠰᠠᠷᠠᠪᠴᠢ ᠠᠴᠠ ᠲᠥᠪᠡᠵᠡᠮᠰᠢᠯ ᠤᠨ ᠲᠠᠰᠤᠭ ᠬᠦᠷᠲᠡᠯ᠎ᠡ᠂ ᠨᠤᠨᠳᠠᠬᠯᠠᠵᠤ ᠳᠡᠭᠡᠷᠡᠮᠳᠡᠬᠦ ᠲᠠᠰᠤᠭ ᠠᠴᠠ | ᠦᠢᠯᠡᠳᠪᠦᠷᠢ ᠶᠢᠨ ᠲᠣᠭᠤᠷᠢᠭ ᠤᠨ ᠵᠠᠮ ᠬᠦᠷᠲᠡᠯ᠎ᠡ᠂ ᠪᠤᠢ ᠪᠦᠬᠦᠢ ᠲᠠᠩ ᠴᠣᠭᠴᠠᠲᠤ ᠪᠠᠷᠢᠯᠭ᠎ᠠ ᠪᠣᠯᠣᠨ ᠲᠤᠰᠠᠯᠠᠬᠤ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠭᠤᠯᠵᠤ | ᠳᠠᠭᠤᠰᠬᠠᠨ᠎ᠠ︔ 10 ᠰᠠᠷ᠎ᠠ ᠶᠢᠨ ᠰᠡᠭᠦᠯᠴᠢ ᠪᠠᠷ ᠂ ᠲᠠᠩ ᠮᠠᠰᠢᠨ ᠤ ᠲᠤᠷᠰᠢᠨ ᠦᠢᠯᠡᠳᠪᠦᠷᠢᠯᠡᠬᠦ ᠠᠵᠢᠯ ᠢ ᠡᠬᠢᠯᠡᠭᠦᠯᠵᠦ ᠂ 11 ᠰᠠᠷ᠎ᠠ ᠳᠤ ᠂ ᠪᠦᠬᠦ ᠱᠤᠭᠤᠮ ᠢᠶᠠᠷ | ᠲᠤᠷᠰᠢᠨ ᠠᠵᠢᠯᠯᠠᠭᠤᠯᠬᠤ ᠶᠢ ᠪᠡᠶᠡᠯᠡᠭᠦᠯᠤᠨ᠎ᠠ᠂ ᠡᠨᠡᠬᠦ ᠶᠡᠷᠦᠩᠬᠡᠢ ᠪᠡᠯᠡ ᠣᠷᠣᠭᠤᠯᠤᠯᠲᠠ ᠨᠢ 2.3 ᠳ᠋ᠦᠩᠰᠢᠭᠤᠷ ᠲᠥᠭᠦᠷᠢᠭ ᠲᠤ ᠬᠦᠷᠴᠦ ᠂ 123 ᠮᠦ ᠭᠠᠵᠠᠷ | ᠡᠵᠡᠯᠡᠭᠰᠡᠨ ᠣᠳᠣᠬᠢᠴᠢᠯᠠᠭᠰᠠᠨ ᠦᠢᠯᠡᠳᠪᠦᠷᠢ ᠶᠢᠨ ᠲᠣᠭᠤᠷᠢᠭ ᠨᠢ︽ᠬᠤᠷᠳᠤᠴᠠ ᠪᠠᠨ ᠨᠡᠮᠡᠭᠳᠡᠭᠦᠯᠬᠦ︾ ᠪᠠᠷ ᠠᠰᠢᠭᠯᠠᠯᠲᠠ ᠳᠤ ᠣᠷᠣᠭᠤᠯᠬᠤ ᠬᠠᠷᠠᠯᠲᠠ ᠵᠦᠭ | ᠰᠢᠪᠲᠤᠯᠤᠯᠲᠠ ᠬᠢᠵᠦ ᠪᠤᠢ ᠭᠡᠵᠡᠢ᠃ | | ᠵᠢᠷᠤᠭ ᠄ ᠢ ᠳ᠋ᠦᠩ ᠪᠦᠯᠦᠭᠯᠡᠯ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠡᠷᠭᠢᠯᠳᠦᠭᠦᠯᠦᠨ ᠠᠰᠢᠭᠯᠠᠬᠤ ᠲᠦᠷᠦᠯ ᠵᠦᠢᠯ ᠤᠨ ᠪᠠᠷᠢᠯᠭ᠎ᠠ ᠶᠢᠨ ᠠᠬᠤᠢ | ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠸᠠᠩ ᠯᠢ ᠮᠠᠨ ᠰᠡᠭᠦᠳᠡᠷᠯᠡᠪᠡ | | ᠤᠯᠤᠰ ᠤᠨ ᠳᠣᠲᠣᠭᠠᠳᠤ ᠶᠢᠨ ᠠᠩᠬᠠᠳᠠᠭᠴᠢ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠨᠡᠭᠦᠷᠡᠰᠦᠨ ᠤ ᠰᠢᠰᠲ᠋ᠧᠮ ᠤᠨ ᠭᠤᠣᠯᠢᠩ ᠰᠢᠷᠣᠢ ᠶᠢᠨ | ᠦᠢᠯᠡᠳᠪᠦᠷᠢᠯᠡᠯ ᠤᠨ ᠱᠤᠭᠤᠮ ᠪᠣᠯᠤᠭᠰᠠᠨ ᠤ ᠬᠤᠪᠢ ᠳᠤ ᠂ ᠲᠦᠷᠦᠯ ᠵᠦᠢᠯ ᠨᠢ ︽ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ︾ ᠪᠣᠬᠢᠷᠲᠤᠯ ᠦᠭᠡᠢ ᠡᠭᠦᠷᠭᠡ ᠶᠢ | ᠬᠠᠷᠠᠭᠠᠯᠠᠨ ᠲᠣᠭᠲᠠᠭᠠᠵᠠᠢ᠃ ᠠᠰᠢᠭᠯᠠᠯᠲᠠ ᠳᠤ ᠣᠷᠣᠭᠰᠠᠨ ᠤ ᠳᠠᠷᠠᠭ᠎ᠠ ᠂ ᠵᠢᠯ ᠪᠦᠷᠢ ᠵᠠᠭᠤᠨ ᠲᠦᠮᠡᠨ ᠲᠣᠨ ᠨᠡᠭᠦᠷᠡᠰᠦᠨ ᠴᠢᠯᠠᠭᠤ ᠶᠢ ︽ ᠰᠢᠢᠳᠪᠤᠷᠢᠯᠡᠵᠤ ︾ ᠂ | 100 ᠲᠦᠮᠡᠨ ᠲᠣᠨ ᠭᠤᠤᠯᠢᠩ ᠰᠢᠷᠣᠢ ᠶᠢᠨ ᠪᠠᠷᠢᠮᠵᠢᠶᠠᠵᠢᠭᠰᠠᠨ ᠲᠦᠭᠦᠬᠡᠢ ᠮᠠᠲ᠋ᠧᠷᠢᠶᠠᠯ ᠢ ᠦᠢᠯᠡᠳᠪᠦᠷᠢᠯᠡᠨ᠎ᠡ ᠃ ︽ ᠪᠢᠳᠡ ᠲᠦᠭᠦᠬᠡᠢ ᠬᠦᠳᠡᠷ ᠢ ᠬᠤᠷᠢᠶᠠᠨ | ᠠᠪᠬᠤ ᠂ ᠨᠠᠷᠢᠯᠢᠭ ᠰᠣᠩᠭᠤᠵᠤ ᠴᠡᠪᠡᠷᠰᠢᠬᠦᠯᠬᠦ ᠠᠴᠠ ᠪᠦᠲᠦᠭᠡᠭᠳᠡᠬᠦᠨ ᠢ ᠪᠣᠭᠤᠳᠠᠯᠯᠠᠬᠤ ᠬᠦᠷᠲᠡᠯᠡᠬᠢ ᠪᠦᠬᠦ ᠬᠡᠯᠬᠢᠶᠡᠲᠦ ᠤᠷᠠᠯᠠᠯ ᠢ ᠪᠤᠶ ᠪᠣᠯᠭᠠᠵᠤ ᠂ | ᠥᠩᠭᠡᠷᠡᠭᠰᠡᠨ ᠳᠤ ᠣᠪᠣᠭᠠᠯᠠᠵᠤ ᠪᠠᠶᠢᠭᠰᠠᠨ ᠨᠡᠭᠦᠷᠡᠰᠦᠨ ᠴᠢᠯᠠᠭᠤ ᠶᠢ ᠠᠵᠤ ᠦᠢᠯᠡᠳᠪᠦᠷᠢ ᠶᠢᠨ ᠸᠠᠭᠠᠷ ᠱᠠᠭᠠᠵᠠᠩ ᠂ ᠪᠠᠷᠢᠯᠭ᠎ᠠ ᠶᠢᠨ ᠸᠠᠭᠠᠷ ᠱᠠᠭᠠᠵᠠᠩ ᠤᠨ ᠭᠤᠣᠯ | ᠲᠦᠭᠦᠬᠡᠢ ᠮᠠᠲ᠋ᠧᠷᠢᠶᠠᠯ ᠪᠣᠯᠭᠠᠨ ᠬᠤᠪᠢᠷᠠᠭᠤᠯᠤᠭᠰᠠᠨ ᠪᠠᠶᠢᠨ᠎ᠠ ︾ ᠃ ᠯᠢ ᠰᠢᠶᠣᠣ ᠯᠦᠩ ᠲᠦᠷᠦᠯ ᠵᠦᠢᠯ ᠤᠨ ᠵᠢᠷᠤᠭ ᠲᠥᠰᠥᠪ ᠢ ᠳᠡᠯᠭᠡᠨ ᠦᠵᠡᠭᠦᠯᠵᠦ ᠄ | ︽ᠲᠦᠷᠦᠭᠦᠦ ᠬᠤᠭᠤᠴᠠᠭᠠᠨ ᠤ 7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠳᠤ ᠪᠠᠰᠠ ᠵᠢᠯ ᠳᠤ 50 ᠲᠦᠮᠡᠨ ᠲᠣᠨ ᠤ ᠭᠠᠷᠤᠯᠲᠠ ᠲᠠᠢ ᠭᠤᠣᠯᠢᠩ | ᠰᠢᠷᠣᠢ ᠶᠢᠨ ᠲᠦᠷᠦᠯ ᠵᠦᠢᠯ ᠂ ᠮᠦᠸᠧ ᠯᠠᠢ ᠱᠢ ᠨᠦᠬᠡᠨ ᠵᠠᠮ ᠤᠨ ᠤᠭᠤᠷᠬᠠᠢ ᠶᠢᠨ ᠦᠢᠯᠡᠳᠪᠦᠷᠢᠯᠡᠯ ᠤᠨ ᠱᠤᠭᠤᠮ ᠤᠨ ᠥᠭᠡᠷᠡᠴᠢᠯᠡᠯᠲᠡ ᠶᠢᠨ ᠲᠦᠷᠦᠯ ᠵᠦᠢᠯ ᠂ | ᠵᠡᠭᠦᠨ ᠬᠡᠰᠡᠭ ᠤᠨ ᠠᠭᠤᠷᠬᠠᠢ ᠶᠢᠨ ᠣᠷᠣᠨ ᠠᠴᠠ ᠨᠡᠭᠦᠷᠡᠰᠦᠨ ᠤ ᠰᠢᠰᠲ᠋ᠧᠮ ᠤᠨ ᠭᠤᠣᠯᠢᠩ ᠰᠢᠷᠣᠢ ᠶᠢ ᠭᠠᠷᠭᠠᠨ ᠠᠪᠬᠤ ᠲᠦᠷᠦᠯ ᠵᠦᠢᠯ ᠵᠡᠷᠭᠡ ᠤᠯᠠᠨ ᠢᠵᠢ | ᠪᠦᠷᠢᠳᠦᠭᠰᠡᠨ ᠲᠦᠷᠦᠯ ᠵᠦᠢᠯ ᠢ ᠪᠠᠶᠢᠷᠢᠰᠢᠭᠤᠯᠵᠤ ᠂ ᠰᠤᠳᠤᠯᠤᠨ ᠨᠡᠭᠡᠭᠡᠬᠦ ᠂ ᠦᠢᠯᠡᠳᠪᠦᠷᠢᠯᠡᠬᠦ ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠡᠷᠬᠢᠯᠳᠡᠳᠤ ᠠᠵᠤ | ᠠᠬᠤᠢ ᠶᠢᠨ ᠪᠢᠲᠡᠭᠦᠦ ᠴᠠᠭᠠᠷᠢᠭ ᠢ ᠪᠦᠷᠢᠯᠳᠦᠭᠦᠯᠬᠦ ᠪᠣᠯᠣᠨ᠎ᠠ︾ᠭᠡᠵᠦ ᠶᠠᠷᠢᠨ᠎ᠠ᠃ | | ᠵᠢᠷᠤᠭ ᠄ ᠢ ᠳ᠋ᠦᠩ ᠪᠦᠯᠦᠭᠯᠡᠯ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠡᠷᠭᠢᠯᠳᠦᠭᠦᠯᠦᠨ ᠠᠰᠢᠭᠯᠠᠬᠤ ᠲᠦᠷᠦᠯ ᠵᠦᠢᠯ ᠢ ᠲᠦᠷᠭᠡᠳᠬᠡᠨ ᠠᠬᠢᠭᠤᠯᠵᠤ ᠂ | ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ ᠸᠠᠩ ᠯᠢ ᠮᠠᠨ ᠰᠡᠭᠦᠳᠡᠷᠯᠡᠪᠡ | | ᠵᠠᠬ᠎ᠠ ᠳᠡᠯᠭᠡᠭᠦᠷ ᠤᠨ ᠭᠡᠰᠡᠭ ᠲᠤ ᠂ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠠᠢ᠃ ᠣᠷᠣᠨ ᠤ ᠳᠣᠲᠣᠷ᠎ᠠ ᠴᠢᠩ ᠱᠦᠢ ᠡᡁᠧ ᠰᠢᠶᠠᠨ | ᠵᠢᠴᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤ ᠲᠦᠭᠦᠬᠡᠢ ᠮᠠᠲ᠋ᠧᠷᠢᠶᠠᠯ ᠬᠦᠷᠭᠡᠵᠦ ᠂ ᠣᠷᠣᠨ ᠤ | ᠭᠠᠳᠠᠨ᠎ᠠ ᠴᠤᠤᠵᠸᠤ ᠂ ᠾᠧᠨᠠᠨ᠂ ᠬᠠᠨᠳᠠᠨ ᠳᠤ ᠪᠣᠷᠣᠯᠠᠭᠤᠯᠬᠤ ᠪᠠᠷ ᠲᠥᠯᠥᠪᠯᠡᠵᠦ ᠂ ᠦᠢᠯᠡᠳᠬᠦᠨ ᠤ ᠬᠡᠷᠡᠭᠯᠡᠭᠡᠨ ᠤ ᠬᠦᠷᠢᠶ᠎ᠡ ᠬᠡᠪᠴᠢᠶᠡᠨ ᠳᠤ ᠠᠵᠤ ᠦᠢᠯᠡᠳᠪᠦᠷᠢ᠂ | ᠪᠠᠷᠢᠯᠭ᠎ᠠ ᠶᠢᠨ ᠸᠠᠭᠠᠷ ᠱᠠᠭᠠᠵᠠᠩ ᠵᠡᠷᠭᠡ ᠤᠯᠠᠨ ᠬᠡᠰᠡᠭ ᠢ ᠬᠠᠮᠤᠷᠴᠠᠢ᠃ ︽ᠠᠰᠢᠭᠯᠠᠯᠲᠠ ᠳᠤ ᠣᠷᠣᠮᠠᠭᠴᠠ ᠦᠷ᠎ᠡ ᠪᠦᠲᠦᠮᠵᠢ ᠣᠯᠵᠤ ᠂ ᠭᠤᠣᠯᠢᠩ ᠨᠤᠲᠤᠭ ᠤᠨ | ᠭᠠᠷᠤᠯᠲᠠ ᠶᠢ ᠵᠡᠭᠦᠨᠭᠠᠷ ᠤᠨ ᠪᠦᠬᠦ ᠤᠯᠤᠰ ᠲᠤ ᠬᠠᠨᠳᠤᠭᠤᠯᠤᠭᠰᠠᠨ ᠪᠤᠬᠢᠷᠳᠤᠯ ᠦᠭᠡᠢ ᠨᠡᠷ᠎ᠡ ᠶᠢᠨ ᠬᠠᠭᠤᠳᠠᠰᠤ ᠪᠣᠯᠭᠠᠬᠤ ᠢᠲᠡᠭᠡᠯ ᠪᠢᠳᠡᠨ ᠳᠤ ᠪᠠᠶᠢᠨ᠎ᠠ︾ ᠭᠡᠵᠦ ᠯᠢ | ᠰᠢᠶᠣᠣ ᠯᠦᠩ ᠶᠠᠷᠢᠨ᠎ᠠ᠃ | ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠴᠠᠭ ᠦᠶ᠎ᠡ ᠶᠢᠨ ᠤᠷᠤᠰᠬᠠᠯ ᠳᠣᠣᠷ᠎ᠠ᠂ ᠡᠯᠪᠡᠭ ᠳᠡᠯᠪᠡᠭ ᠨᠡᠭᠦᠷᠡᠰᠦᠨ ᠤ ᠡᠬᠢ | ᠪᠠᠶᠠᠯᠢᠭ ᠲᠠᠢ ᠵᠡᠭᠦᠨᠭᠠᠷ ᠬᠤᠰᠢᠭᠤ ᠬᠡᠯᠪᠡᠷᠢ ᠪᠠᠨ ᠬᠤᠪᠢᠷᠠᠭᠤᠯᠬᠤ ᠥᠪᠡᠷᠮᠢᠴᠡ ᠣᠨᠴᠠᠯᠢᠭ ᠲᠠᠢ ᠵᠠᠮ ᠢ ᠡᠷᠡᠰ ᠰᠢᠭᠤᠷᠬᠠᠢ ᠪᠠᠷ ᠨᠡᠭᠡᠭᠡᠵᠡᠢ᠃ ᠤᠯᠠᠨ ᠵᠢᠯ ᠤᠨ ᠲᠤᠷᠰᠢ᠂ | ᠲᠦᠷᠦᠯ ᠵᠦᠢᠯ ᠢ ᠣᠷᠣᠭᠤᠯᠬᠤ ᠂ ᠠᠵᠤ ᠦᠢᠯᠡᠰ ᠢ ᠪᠣᠶᠢᠵᠢᠭᠤᠯᠬᠤ ᠂ ᠲᠠᠪᠴᠠᠩ ᠪᠠᠶᠢᠭᠤᠯᠬᠤ ᠵᠡᠷᠭᠡ ᠭᠤᠷᠪᠠᠨ ᠲᠠᠯ᠎ᠠ ᠶᠢᠨ ᠠᠵᠢᠯ ᠢ ᠵᠡᠷᠭᠡᠪᠡᠷ ᠬᠢᠬᠦ ᠪᠠᠷ | ᠳᠠᠮᠵᠢᠭᠤᠯᠵᠤ ᠂ ᠥᠩᠭᠡᠷᠡᠭᠰᠡᠨ ᠤ︽ᠣᠷᠴᠢᠨ ᠲᠣᠭᠤᠷᠢᠨ ᠤ ᠳᠠᠷᠤᠭᠠᠰᠤ︾ ᠶᠢ ︽ᠠᠵᠤ ᠦᠢᠯᠡᠰ ᠤᠨ ᠡᠷᠳᠡᠨᠢᠰ ᠤᠨ ᠰᠠᠩ︾ ᠪᠣᠯᠭᠠᠨ ᠬᠤᠪᠢᠷᠠᠭᠤᠯᠵᠠᠢ᠃ ᠣᠳᠣᠬᠠᠨ ᠳᠤ ᠂ | ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ ᠤᠨ 24 ᠭᠤᠣᠯᠳᠠᠯᠭ᠎ᠠ ᠲᠠᠢ ᠲᠦᠷᠦᠯ ᠵᠦᠢᠯ ᠢ ᠤᠷᠤᠨᠵᠢᠭᠤᠯᠤᠨ ᠨᠠᠶᠢᠳᠠᠪᠤᠷᠢᠵᠢᠭᠤᠯᠵᠤ ᠂ 12 ᠵᠦᠢᠯ ᠤᠨ ᠰᠢᠨ᠎ᠡ | ᠮᠠᠲ᠋ᠧᠷᠢᠶᠠᠯ ᠤᠨ ᠪᠦᠲᠦᠭᠡᠭᠳᠡᠬᠦᠨ ᠢ ᠠᠮᠵᠢᠯᠲᠠ ᠲᠠᠢ ᠪᠠᠷ ᠤᠶᠢᠯᠡᠳᠪᠤᠷᠢᠯᠡᠨ ᠭᠠᠷᠭᠠᠵᠤ ᠂ ︽ᠦᠢᠯᠡᠳᠪᠦᠷᠢᠯᠡᠯ ︱ ᠵᠢᠭᠠᠨ ᠰᠤᠷᠭᠠᠯᠳᠠ ︱ ᠰᠤᠳᠤᠯᠭᠠᠨ︾ ᠢ ᠨᠢᠭᠡ | ᠴᠣᠭᠴᠠᠵᠢᠭᠤᠯᠬᠤ ᠰᠢᠰᠲ᠋ᠧᠮ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠠᠢ᠃ 2024 ᠣᠨ ᠠᠴᠠ ᠨᠠᠭᠠᠰᠢ ᠂ ᠬᠤᠢ ᠨᠧᠩ ᠴᠠᠬᠢᠭᠤᠷ ᠤᠨ ᠵᠢᠯ ᠳᠤ 20 ᠲᠦᠮᠡᠨ | ᠲᠣᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠤᠷᠣᠭᠳᠠᠭᠤᠯᠬᠤ ᠵᠢᠱᠢᠶ᠎ᠡ ᠦᠵᠡᠭᠦᠯᠬᠦ ᠲᠦᠷᠦᠯ ᠵᠦᠢᠯ ᠂ ᠬᠤᠸᠠ ᠢ ᠵᠦᠸᠧ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠵᠠᠯᠭᠠᠪᠡᠷ ᠡᠬᠢᠯᠡᠨ ᠪᠦᠲᠦᠭᠡᠨ ᠪᠠᠶᠢᠭᠤᠯᠵᠤ ᠂ ᠤᠯᠠᠮ ᠠᠴᠠ ᠤᠯᠠᠮ ᠤᠯᠠᠨ︽ᠲᠤᠷᠰᠢᠯᠲᠠ ᠶᠢᠨ | ᠲᠠᠰᠤᠭ ᠤᠨ ᠦᠷ᠎ᠡ ᠪᠦᠲᠦᠭᠡᠯ︾ ᠨᠢ ᠵᠡᠭᠦᠨᠭᠠᠷ ᠤᠨ ᠭᠠᠵᠠᠷ ᠰᠢᠷᠣᠢ ᠳᠡᠭᠡᠷ᠎ᠡ ᠠᠵᠤ ᠦᠢᠯᠡᠰᠵᠢᠯᠲᠡ ᠶᠢᠨ ᠳᠤᠮᠤ ᠬᠤᠪᠢᠷᠠᠯᠲᠠ ᠶᠢ ᠪᠡᠶᠡᠯᠡᠭᠦᠯᠵᠦ ᠂ ᠪᠣᠬᠢᠷᠲᠤᠯ ᠦᠭᠡᠢ | ᠴᠢᠨᠠᠷ ᠰᠠᠶᠢᠲᠠᠢ ᠬᠥᠭᠵᠢᠯᠲᠡ ᠳᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | | | | | |