| ᠬᠠᠤᠯᠢ ᠴᠠᠭᠠᠵᠠ ᠶᠢᠨ ᠶᠠᠮᠤᠨ ᠤ ︽ ᠬᠠᠤᠯᠢ ᠴᠠᠭᠠᠵᠠ ᠶᠢᠨ ᠲᠤᠰᠠᠯᠠᠮᠵᠢ ᠪᠠᠷ ᠬᠡᠦᠬᠡᠳ ᠪᠠᠭᠠᠴᠤᠳ ᠢ ᠬᠠᠶᠢᠷᠠᠯᠠᠨ ᠬᠠᠮᠠᠭᠠᠯᠠᠬᠤ ︾ ᠠᠵᠢᠯᠯᠠᠭ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠪᠠᠷ ᠨᠠᠰᠤᠨ ᠳᠤ | ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ ᠂ | ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ︽ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠬᠡᠦᠬᠡᠳ ᠪᠠᠭᠠᠴᠤᠳ ᠢ | ᠬᠠᠶᠢᠷᠠᠯᠠᠨ ᠬᠠᠮᠠᠭᠠᠯᠠᠵᠤ ᠦᠰᠦᠨ ᠪᠤᠶᠢᠵᠢᠯᠲᠠ ᠳᠤ ᠨᠢ ᠳᠡᠮᠵᠢᠯᠭᠡ ᠦᠵᠡᠭᠦᠯᠰᠦᠭᠡᠢ ︾ ᠭᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠂ ᠬᠠᠮᠵᠢᠯᠴᠠᠭᠠᠨ ᠤ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠬᠦᠯᠵᠦ ᠂ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ ᠂ ᠠᠷᠠᠳ ᠲᠤ ᠲᠥᠬᠦᠮ ᠦᠵᠡᠭᠦᠯᠬᠦ ᠠᠷᠭ᠎ᠠ ᠠᠪᠴᠠᠯ ᠤᠨ ᠲᠣᠭᠲᠠᠴᠠ ᠳᠤ ᠰᠢᠨ᠎ᠡ ᠶᠢ | ᠡᠭᠦᠳᠴᠦ ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ | ᠦᠰᠦᠨ ᠪᠤᠶᠢᠵᠢᠬᠤ ᠠᠶᠠᠯᠠᠯ ᠳᠤ ᠨᠢ ᠳᠡᠮᠵᠢᠯᠭᠡ ᠲᠤᠰᠠ ᠦᠵᠡᠭᠦᠯᠦᠨ᠎ᠡ ᠃ | ᠨᠢᠭᠡ ᠳᠤ ᠂ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ ᠃ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠰᠦᠯᠵᠢᠶ᠎ᠡ ᠶᠢᠨ | ᠲᠣᠭᠲᠠᠯᠴᠠᠭ᠎ᠠ ᠶᠢ ᠰᠢᠯᠢᠳᠡᠭᠵᠢᠭᠦᠯᠦᠨ ᠪᠠᠶᠢᠷᠢᠯᠠᠭᠤᠯᠵᠤ ᠂ ᠨᠠᠰᠤᠨ ᠳᠤ ᠥᠯᠥ ᠭᠦᠷᠦᠭᠰᠡᠳ ᠤᠨ ︽ ᠰᠠᠭᠠᠳ ᠥᠬᠡᠶ ᠨᠡᠪᠲᠡᠷᠡᠬᠦ ᠵᠠᠮ ︾ ᠢ ᠪᠠᠶᠢᠭᠤᠯᠵᠤ ᠂ ᠠᠳᠠᠯᠢ | ᠱᠠᠲᠤᠨ ᠤ ᠡᠪᠯᠡᠯ ᠤᠨ ᠬᠤᠷᠢᠶ᠎ᠠ ᠳᠤ ᠲᠦᠰᠢᠭᠯᠡᠨ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠤᠶᠤ | ᠡᠷᠬᠡ ᠪᠠᠨ ᠬᠠᠮᠠᠭᠠᠯᠠᠬᠤ ᠶᠢᠨ ᠬᠠᠷᠢᠯᠴᠠᠬᠤ ᠴᠡᠭ ᠢ ᠪᠠᠶᠢᠭᠤᠯᠵᠤ ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ | ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ ᠂ ᠤᠷᠢᠳ ᠢᠶᠠᠷ ᠬᠢᠨᠠᠨ ᠪᠠᠶᠢᠴᠠᠭᠠᠬᠤ ᠂ ᠤᠷᠢᠳ ᠢᠶᠠᠷ ᠲᠣᠮᠢᠯᠠᠬᠤ ᠵᠠᠷᠴᠢᠮ ᠢ ᠵᠢᠷᠤᠮᠯᠠᠨ ᠂ ᠨᠥᠬᠦᠴᠡᠯ ᠳᠤ ᠨᠡᠶᠢᠴᠡᠬᠦ | ᠲᠤᠰᠠᠯᠠᠮᠵᠢ ᠶᠢᠨ ᠬᠡᠷᠡᠭ ᠢ ᠲᠤᠬᠠᠢ ᠶᠢᠨ ᠡᠳᠦᠷ ᠲᠤ ᠨᠢ ᠭᠥᠯᠢᠶᠡᠨ ᠠᠪᠴᠤ ᠰᠢᠢᠳᠪᠦᠷᠢᠯᠡᠨ ᠂ ᠲᠤᠬᠠᠢ ᠶᠢᠨ ᠡᠳᠦᠷ ᠲᠤ ᠨᠢ ᠲᠣᠮᠢᠯᠠᠵᠤ ᠂ ᠨᠠᠰᠤᠨ ᠳᠤ ᠥᠯᠥ | ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠨᠢ ︽ ᠥᠴᠦᠬᠡᠨ ᠴᠦ ᠬᠦᠯᠢᠶᠡᠯᠭᠡᠯ ᠥᠬᠡᠶ ︾ ᠪᠠᠶᠢᠬᠤ ᠶᠢ ᠪᠡᠶᠡᠯᠡᠭᠦᠯᠪᠡ ᠃ ᠪᠦᠬᠦ | ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠡᠪ ᠬᠠᠮᠲᠤ ᠵᠠᠯᠠᠭᠤᠴᠤᠳ ᠤᠨ ᠡᠪᠯᠡᠯ ᠳᠤ ᠲᠦᠰᠢᠭᠯᠡᠨ ᠬᠠᠤᠯᠢ ᠴᠠᠭᠠᠵᠠ ᠶᠢᠨ | ᠲᠤᠰᠠᠯᠠᠮᠵᠢ ᠣᠯᠭᠤᠬᠤ 109 ᠠᠵᠢᠯᠯᠠᠬᠤ ᠦᠷᠲᠡᠭᠡ ᠶᠢ ᠪᠠᠶᠢᠭᠤᠯᠪᠠ ᠃ | ᠬᠤᠶᠠᠷ ᠲᠤ ᠂ ᠣᠨᠣᠴᠠᠲᠠᠶ ᠦᠢᠯᠡᠴᠢᠯᠡᠭᠡ ᠬᠠᠩᠭᠠᠨ᠎ᠠ ᠃ ᠬᠥᠳᠡᠭᠡ ᠲᠣᠰᠬᠤᠨ ᠤ ᠭᠡᠷ ᠲᠤ ᠪᠠᠨ ᠦᠯᠡᠳᠡᠵᠦ ᠬᠤᠴᠤᠷᠤᠭᠰᠠᠨ ᠬᠡᠦᠬᠡᠳ ᠂ ᠨᠠᠰᠤᠨ ᠳᠤ | ᠬᠦᠷᠦᠭᠡᠳᠦᠢ ᠬᠤᠬᠢᠷᠠᠯ ᠠᠮᠰᠠᠭᠰᠠᠳ ᠂ ᠨᠠᠰᠤᠨ ᠳᠤ ᠬᠦᠷᠦᠭᠡᠳᠦᠢ ᠵᠡᠮᠳᠡᠭᠴᠦᠳ ᠂ ᠥᠨᠥᠴᠢᠨ ᠥᠷᠦᠭᠡᠰᠦᠨ ︵ ᠤᠷᠤᠭ ᠰᠠᠯᠤᠭᠰᠠᠨ ︶ ᠭᠡᠷ ᠪᠦᠯᠢ ᠶᠢᠨ ᠨᠠᠰᠤᠨ ᠳᠤ | ᠦᠯᠦ ᠬᠦᠷᠦᠭᠰᠡᠳ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠱᠠᠭᠠᠷᠳᠠᠭᠳᠠᠬᠤ ᠬᠦᠮᠦᠰ ᠲᠤ ᠠᠩᠬᠠᠷᠤᠯ ᠢᠶᠠᠨ ᠲᠦᠪᠯᠡᠷᠡᠭᠦᠯᠵᠦ ᠂ ᠬᠠᠯᠠ ᠲᠠᠮᠤ ᠠᠮᠰᠠᠭᠳᠠᠭᠰᠠᠨ ᠂ | ᠭᠤᠯᠣᠵᠤ ᠣᠷᠬᠢᠭᠳᠠᠭᠰᠠᠨ ᠡᠰᠡᠬᠦᠯ᠎ᠡ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠨᠠᠰᠤᠨ ᠳᠤ ᠦᠯᠦ ᠬᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠬᠤ ᠳᠤ ᠠᠵᠤ ᠠᠬᠤᠢ ᠶᠢᠨ ᠬᠦᠴᠢᠷᠳᠡᠯ ᠪᠠᠶᠢᠬᠤ ᠡᠰᠡᠬᠦ ᠪᠠᠷ ᠬᠢᠵᠠᠭᠠᠷᠯᠠᠭᠳᠠᠬᠤ ᠦᠭᠡᠢ ᠃ ᠠᠮᠢᠳᠤᠷᠠᠯ ᠤᠨ ᠢᠷᠡᠯᠲᠡ ᠨᠢ ᠲᠣᠭᠲᠠᠪᠤᠷᠢ ᠦᠭᠡᠢ ᠪᠠᠶᠢᠬᠤ | ᠨᠠᠰᠤᠨ ᠳᠤ ᠥᠯᠥ ᠭᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠪᠠᠯ ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠢ ᠨᠢ ᠬᠢᠨᠠᠨ ᠪᠠᠶᠢᠴᠠᠭᠠᠬᠤ ᠠᠴᠠ | ᠬᠡᠯᠲᠦᠷᠢᠭᠦᠯᠦᠨ᠎ᠡ ᠃ ᠬᠢᠩᠭᠠᠨ ᠠᠶᠢᠮᠠᠭ ᠤᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ︽ ᠢᠲᠡᠭᠡᠮᠵᠢ ᠪᠠᠷ | ᠭᠦᠢᠴᠡᠳᠬᠡᠬᠦ ᠳᠤ ᠳᠦᠭᠦᠮ + ᠬᠠᠤᠯᠢ ᠴᠠᠭᠠᠵᠠ ᠶᠢᠨ ᠲᠤᠰᠠᠯᠠᠮᠵᠢ ︾ ᠶᠢᠨ ᠬᠡᠷᠡᠭᠯᠡᠭᠡᠨ ᠤ ᠠᠬᠤᠢ ᠪᠠᠶᠢᠳᠠᠯ ᠢ ᠰᠦᠪᠡᠭᠴᠢᠯᠡᠨ ᠬᠡᠷᠡᠭᠵᠢᠭᠦᠯᠵᠦ ᠂ ᠦᠨᠳᠦᠰᠦᠨ | ᠨᠥᠬᠦᠴᠡᠯ ᠢ ᠪᠦᠷᠢᠯᠳᠦᠭᠦᠯᠦᠭᠰᠡᠨ ᠂ ᠭᠤᠣᠯ ᠪᠣᠯᠬᠤ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ | ᠪᠣᠯᠪᠠᠴᠤ ᠪᠤᠰᠤᠳ ᠮᠠᠲ᠋ᠧᠷᠢᠶᠠᠯ ᠪᠤᠶᠤ ᠭᠠᠷᠳᠠᠮ ᠤᠨ ᠲᠠᠯ᠎ᠠ ᠪᠠᠷ ᠳᠤᠲᠠᠮᠠᠭ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠢ ᠲᠤᠬᠠᠢ ᠶᠢᠨ ᠬᠥᠮᠥᠨ ᠪᠤᠶᠤ | ᠬᠠᠷᠠᠭᠠᠯᠵᠠᠨ ᠬᠠᠮᠠᠭᠠᠯᠠᠭᠴᠢ ᠠᠴᠠ ᠨᠥᠬᠦᠵᠦ ᠳᠡᠶᠢᠯᠬᠦ ᠠᠮᠠᠯᠠᠯᠲᠠ ᠬᠢᠭᠰᠡᠨ ᠪᠠᠶᠢᠳᠠᠯ ᠳᠣᠣᠷ᠎ᠠ ᠲᠤᠰᠢᠶᠠᠬᠤ ᠮᠠᠲ᠋ᠧᠷᠢᠶᠠᠯ ᠨᠢ ᠲᠤᠲᠠᠭᠤ ᠪᠠᠶᠢᠭᠰᠠᠨ ᠴᠤ ᠬᠦᠯᠢᠶᠡᠨ | ᠠᠪᠴᠤ ᠰᠢᠢᠳᠪᠦᠷᠢᠯᠡᠨ᠎ᠡ ᠃ | ᠭᠤᠷᠪᠠ ᠳᠤ ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠦᠭᠡᠮᠡᠯᠵᠢᠭᠦᠯᠬᠦ ᠠᠵᠢᠯ ᠢ ᠴᠢᠩᠭᠠᠳᠬᠠᠨ᠎ᠠ ᠃ ᠡᠪᠦᠯ ᠤᠨ ᠪᠠ ᠵᠣᠨ ᠤ ᠠᠮᠠᠷᠠᠯᠲᠠ ᠂ ᠬᠠᠪᠤᠷ ᠤᠨ ᠪᠠ | ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠵᠡᠷᠭᠡ ᠴᠠᠭ ᠬᠤᠭᠤᠴᠠᠭᠠᠨ ᠤ ᠴᠢᠬᠤᠯᠠ ᠵᠠᠩᠭᠢᠯᠠᠭ᠎ᠠ ᠶᠢᠨ ᠴᠡᠭ ᠤᠳ ᠢ ᠠᠰᠢᠭᠯᠠᠨ ᠂ ᠬᠠᠤᠯᠢ ᠴᠠᠭᠠᠵᠠ ᠶᠢᠨ | ᠲᠤᠰᠠᠯᠠᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ ᠂ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠂ ᠮᠡᠬᠡᠯᠡᠯ ᠢ | ᠡᠰᠡᠷᠭᠦᠴᠡᠬᠦ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠪᠠ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠵᠡᠷᠭᠡ ᠲᠠᠯ᠎ᠠ ᠶᠢᠨ | ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠦᠨ᠎ᠡ ᠃ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠠᠶᠢᠭᠤᠯᠤᠮᠵᠢ ᠨᠤᠭᠤᠳ ᠨᠢ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ ᠂ ︽ ᠭᠦᠨ | ᠰᠠᠭᠤᠭᠳᠠᠭᠤᠯᠬᠤ ᠮᠠᠶ᠋ᠢᠭ ︾ ᠤᠨ ᠬᠠᠤᠯᠢ ᠲᠦᠭᠡᠮᠡᠯᠵᠢᠭᠦᠯᠬᠦ ᠪᠡᠶᠡᠴᠢᠯᠡᠨ ᠣᠶᠢᠯᠠᠭᠠᠬᠤ ᠦᠢᠯᠡᠳᠦᠯᠭᠡ ᠬᠥᠮᠦᠵᠢᠯ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ | ᠥᠷᠨᠢᠭᠦᠯᠵᠦ ᠂ ᠨᠠᠰᠤᠨ ᠳᠤ ᠥᠯᠥ ᠭᠦᠷᠦᠭᠰᠡᠳ ᠢ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠭᠦᠨ ᠰᠠᠭᠤᠭᠳᠠᠯ ᠲᠠᠢ ᠪᠣᠯᠲᠠᠯ᠎ᠠ ᠨᠢ ᠰᠤᠷᠤᠯᠴᠠᠭᠤᠯᠵᠤ ᠂ | ᠬᠠᠤᠯᠢᠵᠢᠯ ᠤᠨ ᠤᠬᠠᠮᠰᠠᠷ ᠪᠠ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ ᠃ ᠤᠯᠠᠭᠠᠨᠬᠠᠳᠠ ᠬᠤᠲᠠ ᠶᠢᠨ ᠬᠢᠨ ︽ ᠵᠠᠯᠠᠭᠤᠴᠤᠳ ᠪᠠᠭᠠᠴᠤᠳ ᠢ ᠬᠠᠤᠯᠢᠵᠢᠯ ᠢᠶᠠᠷ | ᠰᠤᠷᠭᠠᠨ ᠬᠦᠮᠦᠵᠢᠭᠦᠯᠬᠦ ᠬᠥᠲᠥᠯᠪᠦᠷᠢ ︾ ᠶᠢ ᠨᠠᠶᠢᠳᠠᠪᠤᠷᠢᠵᠢᠭᠤᠯᠵᠤ ᠂ ᠬᠠᠤᠯᠢᠵᠢᠯ ᠤᠨ ᠵᠢᠭᠠᠨ ᠰᠤᠷᠭᠠᠯᠲᠠ ᠶᠢᠨ ᠬᠢᠴᠢᠶᠡᠯ ᠢ ᠪᠥᠬᠦ ᠲᠠᠯ᠎ᠠ ᠪᠠᠷ ᠬᠡᠷᠡᠭᠵᠢᠭᠦᠯᠵᠦ ᠂ | 573 ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠳᠣᠬᠢᠷᠠᠭᠤᠯᠤᠭᠰᠠᠨ ᠨᠣᠷᠮ᠎ᠠ 100% ᠳᠤ ᠬᠦᠷᠴᠦ ᠂ ᠬᠠᠤᠯᠢ ᠪᠠᠷ ᠵᠠᠰᠠᠬᠤ | ᠤᠨᠴᠠᠯᠢᠭᠳᠤ ᠰᠤᠷᠭᠠᠭᠤᠯᠢ ᠶᠢ ᠪᠤᠶᠢᠵᠢᠭᠤᠯᠤᠨ ᠪᠠᠶᠢᠭᠤᠯᠬᠤ ᠠᠵᠢᠯ ᠢ ᠥᠷᠨᠢᠭᠦᠯᠦᠨ ᠂ ᠵᠠᠯᠠᠭᠤᠴᠤᠳ ᠪᠠᠭᠠᠴᠤᠳ ᠲᠤ ᠬᠠᠤᠯᠢ ᠶᠢᠨ ᠤᠬᠠᠭᠠᠨ ᠢ ᠰᠤᠷᠤᠯᠴᠠᠬᠤ | ᠲᠡᠮᠳᠡᠭᠯᠡᠯ ᠤᠨ ᠳᠡᠪᠲᠡᠷ ᠢ ᠳᠠᠷᠤᠮᠠᠯᠯᠠᠨ ᠦᠢᠯᠡᠳᠦᠨ ᠥᠭᠴᠦ ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ ᠪᠥᠬᠦ ᠬᠤᠲᠠ ᠶᠢᠨ ᠡᠯ᠎ᠡ ᠬᠤᠰᠢᠭᠤ | ᠰᠢᠶᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ︽ ᠬᠥᠮᠦᠨ ᠤ ᠠᠮᠢᠳᠤᠷᠠᠯ ᠤᠨ ᠠᠩᠬᠠᠨ ᠤ ᠬᠠᠤᠯᠢᠵᠢᠯ ᠤᠨ ᠬᠢᠴᠢᠶᠡᠯ ︾ ᠤᠨ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ ᠃ | ᠲᠦᠷᠪᠡ ᠳᠤ ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ ᠃ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠴᠡ ᠶᠢᠨ | ᠣᠨᠴᠠᠯᠢᠭ ᠢ ᠰᠠᠶᠢᠲᠤᠷ ᠣᠶᠢᠯᠠᠭᠠᠬᠤ ᠪᠠ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠬᠠᠤᠯᠢᠴᠢ ᠶᠢ ᠡᠩ | ᠲᠡᠷᠢᠭᠦᠨ ᠳᠤ ᠲᠣᠮᠢᠯᠠᠵᠤ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠦᠯᠵᠦ ᠂ ᠡᠴᠦᠰ ᠲᠤ ᠨᠢ ᠲᠤᠯᠲᠠᠯ᠎ᠠ | ᠲᠤᠰᠠᠯᠠᠬᠤ ᠶᠢ ᠬᠡᠷᠡᠭᠵᠢᠭᠦᠯᠪᠡ ᠃ ᠬᠥᠬᠡᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠤᠲᠠ ᠶᠢᠨ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠵᠥᠪᠯᠡᠯ ᠤᠨ ᠰᠠᠭᠤᠷᠢᠨ ᠳᠡᠭᠡᠷ᠎ᠡ ᠂ ᠤᠯᠤᠰ ᠲᠥᠷᠥ ᠶᠢᠨ ᠤᠬᠠᠮᠰᠠᠷ ᠢᠶᠠᠷ ᠴᠢᠩᠭ᠎ᠠ ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠰᠠᠶᠢᠨ ᠂ ᠬᠠᠶᠢᠷ᠎ᠠ | ᠬᠠᠯᠠᠮᠵᠢ ᠲᠠᠢ ᠂ ᠪᠤᠰᠤᠳ ᠲᠤ ᠲᠤᠰᠠᠴᠢ 50 ᠬᠠᠤᠯᠢᠴᠢ ᠶᠢ ᠣᠷᠣᠭᠤᠯᠵᠤ ᠠᠪᠴᠢᠷᠠᠨ ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠠᠤᠯᠢᠴᠢᠳ ᠤᠨ ᠬᠥᠮᠥᠷᠭᠡ ᠶᠢ ᠵᠣᠬᠢᠶᠠᠨ ᠪᠠᠶᠢᠭᠤᠯᠵᠤ ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠂ ᠬᠡᠷ ᠲᠤ ᠪᠠᠨ ᠦᠯᠡᠳᠡᠵᠦ ᠬᠤᠴᠣᠷᠤᠭᠰᠠᠨ | ᠬᠡᠤᠬᠡᠳ ᠂ ᠵᠡᠮᠳᠡᠭ ᠬᠡᠤᠬᠡᠳ ᠲᠤ ᠪᠣᠯᠵᠣᠬᠤ ᠦᠢᠯᠡᠴᠢᠯᠡᠭᠡ ᠂ ᠬᠡᠷ ᠲᠤ ᠨᠢ ᠬᠦᠷᠴᠦ ᠦᠢᠯᠡᠴᠢᠯᠡᠬᠦ ᠦᠢᠯᠡᠴᠢᠯᠡᠭᠡ ᠶᠢ ᠣᠨᠣᠴᠠᠲᠠᠶ ᠪᠠᠷ ᠬᠠᠩᠭᠠᠪᠠ ᠃ | ᠲᠠᠪᠤ ᠳᠤ ᠂ ᠣᠨᠴᠠᠯᠢᠭᠲᠤ ᠨᠡᠷᠡᠲᠦ ᠲᠡᠮᠳᠡᠭ ᠢ ᠡᠭᠦᠳᠪᠡ ᠃ ᠥᠪᠥᠷ ᠮᠣᠩᠭᠤᠯ ᠤᠨ ︽ 12348 ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠯᠠᠮᠰᠢᠯ ᠤᠲᠠᠰᠤ ᠨᠢ ᠨᠠᠰᠤᠨ ᠳᠤ ᠥᠯᠥ ᠭᠦᠷᠦᠭᠰᠡᠳ ᠲᠤ 7 × 24 ᠴᠠᠭ ᠤᠨ ᠪᠥᠬᠦ ᠵᠢᠯ ᠢᠶᠠᠷ ᠠᠮᠠᠷᠠᠯᠲᠠ ᠥᠬᠡᠶ ᠪᠠᠷ ᠦᠢᠯᠡᠴᠢᠯᠡᠬᠦ | ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠪᠠ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ | ᠪᠣᠢ ᠃ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠳ ᠲᠤ ᠦᠢᠯᠡᠴᠢᠯᠡᠬᠦ ᠬᠠᠯᠠᠮᠰᠢᠯ ᠤᠲᠠᠰᠤ ᠲᠣᠰᠬᠤ ᠲᠤᠰᠬᠠᠶ | ᠬᠦᠮᠦᠨ ᠲᠠᠭᠠᠷᠠᠭᠤᠯᠵᠤ ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠰᠠᠭᠤᠨ ᠯᠠᠪᠯᠠᠯᠲᠠ ᠶᠢ ᠲᠤᠰᠬᠠᠶᠢᠯᠠᠨ ᠭᠥᠯᠢᠶᠡᠨ ᠠᠪᠴᠤ | ᠰᠤᠨᠤᠰᠤᠨ ᠂ ᠨᠠᠰᠤᠨ ᠳᠤ ᠥᠯᠥ ᠭᠦᠷᠦᠭᠰᠡᠳ ᠤᠨ ᠤᠲᠠᠰᠤ ᠢᠷᠡᠭᠦᠯᠦᠭᠰᠡᠨ ᠠᠰᠠᠭᠤᠨ ᠯᠠᠪᠯᠠᠯᠲᠠ ᠶᠢᠨ ᠠᠭᠤᠯᠭ᠎ᠠ ᠶᠢ ᠴᠠᠭ ᠲᠤᠬᠠᠶ ᠳᠤ ᠨᠢ ᠵᠠᠳᠠᠯᠵᠤ ᠂ | ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ ᠶᠢᠨ ᠲᠣᠭᠲᠠᠴᠠ ᠶᠢ ᠬᠡᠷᠡᠭᠵᠢᠭᠦᠯᠪᠡ ᠃ ︽ 110 ︾ ᠳᠣᠲᠣᠭᠠᠳᠤ ᠶᠢ ᠬᠠᠮᠠᠭᠠᠯᠠᠬᠤ ᠲᠦᠭᠰᠢᠭᠦᠷᠢ ᠮᠡᠳᠡᠭᠦᠯᠬᠦ ᠤᠲᠠᠰᠤ ᠂ | ︽ 12345 ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠂ ︽ 12355 ︾ ᠵᠠᠯᠠᠭᠤᠴᠤᠳ ᠪᠠᠭᠠᠴᠤᠳ ᠤᠨ | ᠦᠢᠯᠡᠴᠢᠯᠡᠭᠡᠨ ᠤ ᠲᠠᠪᠴᠠᠩ ᠵᠡᠷᠭᠡ ᠰᠠᠯᠠᠭ᠎ᠠ ᠮᠥᠴᠢᠷ ᠤᠳ ᠤᠨ ᠬᠠᠯᠠᠮᠰᠢᠯ ᠤᠲᠠᠰᠤ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ | ᠪᠠᠶᠢᠭᠤᠯᠵᠤ ᠂ ᠨᠠᠰᠤᠨ ᠳᠤ ᠥᠯᠥ ᠭᠦᠷᠦᠭᠰᠡᠳ ᠲᠤ ︽ ᠡᠷᠢᠵᠦ ᠣᠯᠳᠠᠬᠤ ᠂ ᠰᠠᠶᠢᠲᠤᠷ ᠬᠡᠷᠡᠭᠯᠡᠭᠳᠡᠬᠦ ᠂ ᠭᠦᠢᠴᠡᠳᠬᠡᠵᠦ ᠥᠭᠴᠦ ᠳᠡᠶᠢᠯᠬᠦ ︾ ᠨᠢᠭᠡ | ᠥᠷᠲᠡᠭᠡᠴᠢᠯᠡᠭᠰᠡᠨ ᠮᠠᠶ᠋ᠢᠭ ᠤᠨ ᠬᠠᠤᠯᠢ ᠴᠠᠭᠠᠵᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠦᠷᠲᠡᠭᠡᠬᠦ ᠶᠢ ᠦᠨᠡᠨ ᠬᠦ ᠪᠠᠲᠤᠯᠠᠵᠤ ᠪᠣᠢ ᠃ | | |