| ︽ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ | ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ ᠂ ᠵᠡᠭᠦᠨ ᠬᠤᠶᠢᠲᠤ ᠣᠷᠣᠨ ᠂ ᠪᠠᠷᠠᠭᠤᠨ ᠬᠤᠶᠢᠲᠤ ᠣᠷᠣᠨ ᠂ | ᠴᠢᠨᠠᠭᠰᠢᠯᠠᠭᠠᠳ ᠪᠦᠭᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ ︾ ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ︽ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ ︾ ᠂ ︽ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ | ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠢ ︾ ᠭᠡᠵᠦ ᠥᠪᠥᠷ ᠮᠣᠩᠭᠤᠯ ᠢ ᠣᠯᠠᠨᠲᠠ ᠱᠠᠭᠠᠷᠳᠠᠪᠠ ᠃ 2023 ᠣᠨ ᠤ 6 | ᠰᠠᠷ᠎ᠠ ᠳᠤ ᠂ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠂ ︽ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ ᠤᠯᠤᠰ ᠤᠨ ᠶᠡᠭᠡ ᠶᠠᠪᠤᠳᠠᠯ ﹀ | ᠪᠣᠯᠣᠨ᠎ᠠ ︾ ᠭᠡᠵᠦ ᠣᠨᠴᠠᠭᠠᠶᠢᠯᠠᠨ ᠴᠢᠬᠤᠯᠠᠴᠢᠯᠠᠪᠠ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠶᠢᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠣᠷᠣᠨ ᠳᠠᠶᠠᠭᠠᠷ ᠢᠶᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ | ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠲᠠᠰᠤᠷᠠᠯᠲᠠ ᠦᠭᠡᠢ ᠬᠥᠲᠥᠯᠥᠨ ᠵᠢᠯᠣᠭᠤᠳᠤᠭᠰᠠᠨ ᠪᠥᠭᠡᠳ | ᠠᠬᠢᠭᠤᠯᠵᠤ ᠂ ᠤᠮᠠᠷᠠᠲᠤ ᠬᠢᠯᠢ ᠶᠢᠨ ᠡᠬᠡ ᠭᠠᠵᠠᠷ ᠤᠨ ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠤᠣᠰ ᠠᠮᠵᠢᠯᠲᠠ ᠣᠯᠬᠤ ᠶᠢ ᠠᠬᠢᠭᠤᠯᠪᠠ ᠃ | ︽ ᠬᠠᠮᠠᠭᠠᠯᠠᠯᠲᠠ ︾ ᠪᠠᠷ ᠪᠣᠬᠢᠷᠳᠤᠯ ᠦᠭᠡᠢ ᠬᠥᠭᠵᠢᠯᠲᠡ ᠶᠢᠨ ᠳᠡᠪᠢᠰᠬᠡᠷ ᠥᠩᠭᠡ ᠶᠢ ᠥᠳᠬᠡᠷᠡᠭᠦᠯᠪᠡ | ᠥᠪᠥᠷ ᠮᠣᠩᠭᠤᠯ ᠪᠣᠯ ᠲᠡᠦᠬᠡᠨ ᠳᠡᠭᠡᠷ᠎ᠡ ᠡᠪᠡᠰᠦ ᠪᠡᠯᠴᠢᠭᠡᠷ ᠰᠠᠬᠤᠯᠢᠭ ᠂ ᠲᠠᠯ᠎ᠠ ᠳᠦᠭᠦᠷᠡᠩ ᠦᠬᠡᠷ ᠬᠤᠨᠢ ᠲᠠᠢ ᠭᠠᠵᠠᠷ ᠪᠠᠶᠢᠵᠠᠢ ᠃ ︽ ᠴᠡᠯᠡᠭᠡᠷ ᠲᠠᠯ᠎ᠠ ᠶᠢᠨ | ᠥᠷᠥᠴᠡᠨ ᠳᠤ ᠮᠤᠨᠠ ᠠᠭᠤᠯᠠ ᠶᠢᠨ ᠬᠤᠷᠮᠣᠢ ᠳᠤ ᠬᠥᠬᠡ ᠲᠡᠭᠷᠢ ᠬᠥᠳᠡᠭᠡ ᠲᠠᠯ᠎ᠠ ᠲᠠᠢ ᠭᠦᠪᠡᠭᠡ ᠬᠢᠵᠠᠭᠠᠷ ᠵᠠᠯᠭᠠᠯᠳᠤᠭᠠᠳ ᠬᠥᠪᠴᠢᠨ ᠳᠡᠯᠡᠬᠡᠢ ᠮᠣᠩᠭᠤᠯ ᠭᠡᠷ ᠰᠢᠭ | ᠬᠥᠩᠬᠦ᠋ᠢᠵᠦᠬᠦᠢ ᠃ ᠲᠡᠭᠷᠢ ᠴᠡᠪ ᠴᠡᠯᠡᠶᠢᠨ ᠲᠠᠯ᠎ᠠ ᠨᠡᠪ ᠨᠡᠯᠦ᠋ᠢᠭᠡᠳ ᠡᠪᠡᠰᠦᠨ ᠤ ᠲᠣᠯᠣᠭᠠᠢ ᠰᠠᠯᠬᠢᠨ ᠳᠤ ᠨᠠᠶᠢᠭᠤᠬᠤᠶ᠎ᠠ ᠦᠬᠡᠷ ᠬᠤᠨᠢᠳ ᠤᠨ ᠵᠣ ᠢᠷᠠᠯᠵᠠᠨᠠᠮ ︾ | ᠭᠡᠳᠡᠭ ᠨᠢ ᠳᠠᠷᠤᠢ ᠡᠨᠡ ᠬᠦ ᠲᠠᠯ᠎ᠠ ᠨᠤᠲᠤᠭ ᠤᠨ ᠥᠩᠭᠡ ᠦᠵᠡᠮᠵᠢ ᠶᠢ ᠵᠢᠷᠤᠭᠯᠠᠭᠰᠠᠨ ᠰᠢᠯᠦᠭ ᠶᠤᠮ ᠃ ᠠᠲᠠᠷ ᠬᠠᠭᠠᠯᠪᠤᠷᠢᠯᠠᠨ ᠲᠠᠷᠢᠶ᠎ᠠ ᠳᠠᠷᠢᠬᠤ ᠵᠡᠷᠭᠡ ᠬᠥᠮᠥᠨ | ᠲᠥᠷᠥᠯᠬᠢᠲᠡᠨ ᠤ ᠠᠵᠢᠯᠯᠠᠭ᠎ᠠ ᠣᠯᠠᠰᠢᠷᠠᠭᠰᠠᠨ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠳᠠᠭᠠᠯᠳᠤᠨ ᠂ ᠥᠪᠥᠷ ᠮᠣᠩᠭᠤᠯ ᠤᠨ ᠠᠮᠢ ᠠᠬᠤᠢ ᠳᠤ ᠠᠭᠠᠵᠢᠮ ᠢᠶᠠᠷ | ︽ ᠤᠯᠠᠭᠠᠨ ᠲᠤᠭ᠎ᠠ ︾ ᠢᠯᠡᠷᠡᠵᠦ ᠂ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠪᠠ ᠃ ᠶᠡᠷᠦᠩᠬᠡᠢ ᠱᠦᠵᠢ ᠰᠢ ᠶᠢᠨ ᠫᠢᠩ ︽ ᠠᠵᠤ ᠠᠬᠤᠢ ᠶᠢ | ᠬᠥᠭᠵᠢᠭᠦᠯᠬᠦ ᠳᠤ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠢ ᠬᠤᠭᠤᠰᠤᠷᠠᠲᠠᠯ᠎ᠠ ᠰᠢᠪᠬᠠᠵᠤ ᠪᠤᠯᠬᠤ ᠦᠭᠡᠢ ︾ ᠭᠡᠵᠦ ᠴᠢᠬᠤᠯᠠᠴᠢᠯᠠᠪᠠ ᠃ ᠪᠢᠳᠡ | ᠶᠡᠷᠦᠩᠬᠡᠢ ᠱᠦᠵᠢ ᠶᠢᠨ ᠰᠤᠷᠭᠠᠯ ᠢ ᠪᠠᠲᠤ ᠴᠡᠭᠡᠵᠢᠯᠡᠵᠦ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ ᠂ ᠬᠥᠮᠥᠨ ᠤ ᠬᠦᠴᠦ ᠪᠠᠷ ᠪᠠᠶᠢᠭᠠᠯᠢ ᠶᠢ ᠨᠥᠯᠥᠭᠡᠯᠡᠵᠦ ᠡᠪᠳᠡᠬᠦ ᠶᠢ | ᠬᠠᠮᠤᠭ ᠤᠨ ᠶᠡᠭᠡ ᠴᠢᠷᠮᠠᠶᠢᠯᠭ᠎ᠠ ᠭᠠᠷᠭᠠᠨ ᠪᠠᠭᠠᠰᠬᠠᠪᠠ ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠪᠡ ᠃ ᠥᠪᠥᠷ ᠮᠣᠩᠭᠤᠯ ᠪᠣᠯ ᠮᠠᠨ ᠤ | ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠠᠶᠢᠵᠤ ᠂ | ᠶᠡᠭᠡ ᠬᠡᠪᠴᠢᠶᠡᠨ ᠤ ᠤᠤᠭᠠᠯ ᠠᠮᠢ ᠠᠬᠤᠢ ᠶᠢᠨ ᠣᠷᠣᠨ ᠪᠦᠰᠡ ᠶᠢ ᠬᠠᠳᠠᠭᠠᠯᠠᠵᠤ ᠪᠠᠶᠢᠳᠠᠭ ᠃ ᠶᠡᠷᠦᠩᠬᠡᠢ ᠱᠦᠵᠢ ᠰᠢ ᠶᠢᠨ ᠫᠢᠩ ᠂ ᠥᠪᠥᠷ ᠮᠣᠩᠭᠤᠯ ︽ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ ᠂ ᠴᠢᠬᠤᠯᠠ ᠪᠦᠬᠦᠢ ᠠᠮᠢ ᠠᠬᠤᠢ ᠶᠢᠨ ᠣᠷᠣᠨ ᠵᠠᠢ ᠶᠢ | ᠭᠦᠢᠴᠡᠳ ᠦᠯᠡᠳᠡᠭᠡᠬᠦ ᠬᠡᠷᠡᠭᠲᠡᠢ ︾ ᠭᠡᠵᠦ ᠵᠢᠭᠠᠵᠤ ᠭᠠᠷᠭᠠᠪᠠ ᠃ ᠪᠢᠳᠡ ︽ ᠭᠤᠷᠪᠠᠨ ᠣᠷᠣᠨ ᠭᠤᠷᠪᠠᠨ ᠱᠤᠭᠤᠮ ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ︵ 2021 - 2035 ᠣᠨ ︶ ︾ ᠶᠢ ᠨᠠᠶᠢᠷᠠᠭᠤᠯᠤᠨ ᠵᠣᠬᠢᠶᠠᠵᠤ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ | ᠣᠷᠣᠭᠤᠯᠤᠭᠰᠠᠨ ᠲᠠᠯᠠᠪᠠᠶ 59.69 ᠲᠦᠮᠡᠨ ᠲᠡᠭᠰᠢ ᠳᠥᠷᠪᠡᠯᠵᠢᠨ ᠺᠢᠯᠣᠮᠧᠳ᠋ᠷ ᠲᠤ ᠬᠦᠷᠴᠦ ᠂ ᠪᠦᠭᠦ ᠣᠷᠣᠨ ᠤ ᠶᠡᠷᠦᠩᠬᠡᠢ ᠲᠠᠯᠠᠪᠠᠶ ᠶᠢᠨ ᠬᠠᠭᠠᠰ ᠠᠴᠠ | ᠳᠡᠭᠡᠭᠰᠢᠬᠢ ᠶᠢ ᠡᠵᠡᠯᠡᠪᠡ ; ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 885 ᠲᠦᠮᠡᠨ ᠮᠦ ᠵᠠᠭᠠᠭᠯᠠᠨ ᠲᠣᠭᠲᠠᠭᠠᠬᠤ ᠶᠢᠨ ᠬᠠᠮᠲᠤ 2021 | ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ | ᠬᠢᠵᠠᠭᠠᠷ ᠠᠴᠠ ᠳᠠᠪᠠᠵᠤ ᠥᠯᠥ ᠪᠤᠯᠬᠤ ᠬᠠᠮᠢᠶᠠᠷᠤᠨ ᠡᠵᠡᠮᠳᠡᠬᠦ ᠵᠠᠭᠠᠭ ᠱᠤᠭᠤᠮ ᠪᠣᠯᠭᠠᠨ ᠲᠣᠬᠲᠠᠭᠠᠪᠠ ; ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 1. | 33 ᠳ᠋ᠦᠩᠰᠢᠭᠤᠷ ᠮᠦ ᠠᠴᠠ ᠳᠡᠭᠡᠭᠰᠢ ᠵᠠᠭᠠᠭᠯᠠᠨ ᠲᠣᠭᠲᠠᠭᠠᠵᠤ ᠂ ᠲᠠᠷᠢᠶᠠᠨ ᠭᠠᠵᠠᠷ ᠢ ︽ ᠲᠠᠷᠢᠶᠠᠯᠠᠩ ᠤᠨ ᠪᠤᠰᠤ ᠪᠤᠯᠭᠠᠬᠤ ︾ ᠪᠠ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠢ ︽ ᠠᠮᠤ ᠪᠤᠳᠠᠭᠠᠨ ᠤ ᠪᠤᠰᠤ ᠪᠤᠯᠭᠠᠬᠤ ︾ ᠶᠢ ᠡᠷᠡᠰ ᠬᠤᠷᠢᠭᠯᠠᠪᠠ ᠃ ᠠᠮᠢ ᠠᠬᠤᠢ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ | ᠡᠵᠡᠮᠳᠡᠬᠦ ᠶᠢ ᠬᠦᠴᠦᠯᠡᠨ ᠴᠢᠩᠭᠠᠳᠬᠠᠵᠤ ᠂ ᠪᠦᠭᠦ ᠣᠷᠣᠨ ᠢ 1892 ᠬᠠᠮᠢᠶᠠᠷᠤᠨ ᠡᠵᠡᠮᠳᠡᠬᠦ ᠨᠢᠭᠡᠴᠢ ᠪᠣᠯᠭᠠᠨ ᠬᠤᠪᠢᠶᠠᠵᠤ ᠂ ︽ ᠨᠢᠭᠡ ᠨᠢᠭᠡᠴᠢ ᠳᠤ ᠨᠢᠭᠡ ᠠᠷᠭ᠎ᠠ | ᠪᠣᠳᠣᠯᠭ᠎ᠠ ︾ ᠶᠣᠰᠣᠭᠠᠷ ᠵᠦᠷᠢᠶᠡᠴᠢᠯᠡᠭᠰᠡᠨ ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠂ ᠡᠬᠢ ᠪᠠᠶᠠᠯᠢᠭ ᠤᠨ ᠨᠡᠭᠡᠭᠡᠯᠲᠡ ᠂ ᠠᠵᠤ ᠦᠢᠯᠡᠰ ᠤᠨ | ᠪᠠᠶᠢᠷᠢᠰᠢᠭᠤᠯᠤᠯᠲᠠ ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠣᠩᠭᠤᠬᠤ ᠵᠡᠷᠭᠡ ᠶᠢ ᠤᠷᠢᠳᠴᠢᠯᠠᠨ | ᠦᠨᠡᠯᠡᠨ ᠵᠢᠱᠢᠵᠦ ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ︽ ᠪᠣᠬᠢᠷᠳᠤᠯ ᠦᠭᠡᠢ ᠬᠡᠮᠵᠢᠭᠦᠷ ︾ ᠢ ᠡᠬᠢ ᠡᠭᠦᠰᠦᠯ ᠠᠴᠠ ᠨᠢ | ᠴᠢᠩᠭᠠᠯᠠᠪᠠ ᠃ | ᠶᠡᠭᠡ ᠨᠤᠲᠤᠭ ᠪᠡᠯᠴᠢᠭᠡᠷ ᠶᠡᠭᠡ ᠣᠢ ᠰᠢᠭᠤᠢ ᠶᠢ ᠬᠦᠴᠦᠯᠡᠨ ᠬᠠᠮᠠᠭᠠᠯᠠᠪᠠ ᠃ ᠨᠤᠲᠤᠭ ᠪᠡᠯᠴᠢᠭᠡᠷ ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ ᠃ ᠥᠪᠥᠷ ᠮᠣᠩᠭᠤᠯ 8.15 ᠳ᠋ᠦᠩᠰᠢᠭᠤᠷ ᠮᠦ ᠨᠤᠲᠤᠭ ᠪᠡᠯᠴᠢᠭᠡᠷ ᠂ | 3.57 ᠳ᠋ᠦᠩᠰᠢᠭᠤᠷ ᠮᠦ ᠣᠶ ᠰᠢᠭᠤᠢ ᠲᠠᠢ ᠪᠠᠶᠢᠵᠤ ᠂ ᠲᠠᠯᠠᠪᠠᠶ ᠨᠢ ᠲᠣᠰ ᠲᠣᠰ ᠪᠦᠭᠦ ᠤᠯᠤᠰ ᠲᠤ ᠬᠤᠶᠠᠳᠤᠭᠠᠷ ᠂ ᠨᠢᠭᠡᠳᠦᠭᠡᠷ ᠲᠤ ᠣᠷᠣᠵᠤ ᠪᠠᠶᠢᠨ᠎ᠠ ᠃ ᠪᠢᠳᠡ | ᠨᠢᠭᠡ ᠲᠠᠯ᠎ᠠ ᠪᠠᠷ ︽ ᠠᠮᠠᠷᠠᠭᠤᠯᠤᠨ ᠰᠡᠷᠭᠦᠭᠡᠬᠦ ︾ ᠶᠢ ᠠᠳᠬᠤᠵᠤ ᠂ ᠨᠤᠲᠤᠭ ᠪᠡᠯᠴᠢᠭᠡᠷ ᠳᠡᠭᠡᠷ᠎ᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ ᠂ ᠪᠠᠶᠢᠭᠠᠯᠢ ᠶᠢᠨ ᠣᠶ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ | ᠴᠢᠩᠭ᠎ᠠ ᠴᠠᠭᠠᠵᠠᠯᠠᠵᠤ ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠬᠦ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠪᠠᠶᠢᠷᠢᠯᠠᠭᠤᠯᠤᠨ ᠠᠬᠢᠭᠤᠯᠵᠤ ᠂ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠵᠠᠰᠠᠬᠤ ᠪᠠ ᠬᠢᠯᠢ ᠬᠢᠵᠠᠭᠠᠷ ᠤᠨ ᠭᠠᠩ ᠬᠠᠭᠤᠷᠠᠢ ᠮᠠᠯᠵᠢᠬᠤ ᠣᠷᠣᠨ ᠳᠤ ᠪᠦᠬᠦᠯᠢ ᠴᠣᠭᠴᠠ ᠪᠠᠷ | ᠮᠠᠯᠵᠢᠬᠤ ᠶᠢ ᠴᠠᠭᠠᠵᠠᠯᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠪᠠᠭᠤᠯᠭᠠᠬᠤ ᠪᠣᠯᠣᠨ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠦᠷ᠎ᠡ ᠪᠦᠲᠦᠮᠵᠢ ᠲᠠᠢ ᠬᠤᠯᠪᠣᠭᠳᠠᠭᠤᠯᠬᠤ ᠶᠢ ᠠᠬᠢᠭᠤᠯᠵᠤ ᠂ ᠥᠷᠭᠡᠨ ᠠᠭᠤᠳᠠᠮ ᠨᠤᠲᠤᠭ | ᠪᠡᠯᠴᠢᠭᠡᠷ ᠢ ︽ ᠴᠠᠯᠢᠩ ᠲᠠᠢ ᠪᠠᠷ ᠠᠮᠠᠷᠠᠭᠤᠯᠵᠤ ︾ ᠂ ᠬᠢᠩᠭᠠᠨ ᠤ ᠣᠶ ᠰᠢᠭᠤᠢ ᠳᠤ ︽ ᠬᠢᠷᠦᠭᠡ ᠪᠠᠨ ᠡᠯᠭᠦᠨ ᠮᠣᠳᠣ ᠣᠭᠲᠣᠯᠬᠤ ᠪᠠᠨ ᠵᠣᠭᠰᠣᠪᠠ ︾ ᠃ ᠨᠦᠭᠦᠭᠡ | ᠲᠠᠯ᠎ᠠ ᠪᠠᠷ ︽ ᠪᠤᠶᠢᠵᠢᠭᠤᠯᠬᠤ ︾ ᠶᠢ ᠠᠳᠬᠤᠵᠤ ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠡᠷᠬᠡ ᠶᠢ ᠲᠣᠭᠲᠠᠭᠠᠨ ᠳᠠᠩᠰᠠᠯᠠᠬᠤ ᠶᠢ | ᠪᠡᠶᠡᠯᠡᠭᠦᠯᠵᠦ ᠂ ᠣᠶ ᠰᠢᠭᠤᠢ ︵ ᠨᠤᠲᠤᠭ ᠪᠡᠯᠴᠢᠭᠡᠷ ︶ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠤᠲᠤᠭ ᠪᠡᠯᠴᠢᠭᠡᠷ ᠤᠨ ᠠᠮᠢ | ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠨᠤᠲᠤᠭ | ᠪᠡᠯᠴᠢᠭᠡᠷ ᠣᠶ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ ᠃ ᠡᠭᠦᠨ ᠤ ᠬᠠᠮᠲᠤ ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠂ ᠣᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ | ᠰᠢᠨᠵᠢᠯᠡᠬᠦ ᠤᠬᠠᠭᠠᠨᠴᠢ ᠪᠠᠷ ᠥᠷᠨᠢᠭᠦᠯᠵᠦ ᠂ ᠪᠠᠯ ᠭᠠᠵᠠᠷ ᠂ ᠠᠲᠠᠷ ᠭᠠᠵᠠᠷ ᠂ ᠬᠠᠶᠠᠭᠳᠠᠮᠠᠯ ᠠᠭᠤᠷᠬᠠᠢ ᠵᠡᠷᠭᠡ ᠣᠷᠣᠨ ᠵᠠᠢ ᠳᠤ ᠨᠣᠭᠤᠭᠠᠷᠠᠭᠤᠯᠤᠯᠲᠠ ᠬᠢᠪᠡ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠦᠭᠦ ᠣᠷᠣᠨ ᠨᠡᠶᠢᠲᠡ 1.43 ᠳ᠋ᠦᠩᠰᠢᠭᠤᠷ ᠮᠦ ᠮᠣᠳᠣ ᠳᠠᠷᠢᠵᠤ ᠂ 3.55 ᠳ᠋ᠦᠩᠰᠢᠭᠤᠷ ᠮᠦ | ᠡᠪᠡᠰᠦ ᠳᠠᠷᠢᠵᠤ ᠂ ᠬᠡᠪᠴᠢᠶ᠎ᠡ ᠨᠢ ᠴᠥᠮ ᠪᠦᠭᠦ ᠤᠯᠤᠰ ᠲᠤ ᠲᠦᠷᠦᠭᠦᠯᠡᠪᠡ ᠃ | ᠬᠠᠳᠤᠨ ᠭᠤᠣᠯ ᠢ ᠰᠡᠳᠬᠢᠯ ᠲᠠᠯᠪᠢᠨ ᠰᠠᠬᠢᠨ ᠬᠠᠮᠠᠭᠠᠯᠠᠪᠠ ᠃ ᠬᠠᠲᠤᠨ ᠭᠤᠣᠯ ᠤᠨ ᠶᠡᠭᠡ ᠲᠣᠬᠤᠢ ᠶᠢᠨ ᠣᠷᠣᠢ ᠶᠢᠨ ᠬᠡᠰᠡᠭ ᠨᠢ ᠥᠪᠥᠷ ᠮᠣᠩᠭᠤᠯ ᠢᠶᠠᠷ | ᠤᠷᠤᠰᠤᠨ ᠥᠩᠭᠡᠷᠡᠵᠦ ᠂ 843.5 ᠺᠢᠯᠣᠮᠧᠳ᠋ᠷ ᠦᠷᠭᠦᠯᠵᠢᠯᠡᠵᠦ ᠂ ᠬᠠᠲᠤᠨ ᠭᠤᠣᠯ ᠤᠨ ᠪᠦᠭᠦ ᠣᠷᠳᠣ ᠶᠢᠨ 1/6 ᠰᠢᠬᠠᠮ ᠢ ᠡᠵᠡᠯᠡᠵᠦ ᠂ ᠰᠠᠪᠠ ᠭᠠᠵᠠᠷ ᠤᠨ | ᠲᠠᠯᠠᠪᠠᠶ ᠨᠢ 15 ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ ᠂ ᠬᠠᠲᠤᠨ ᠭᠤᠣᠯ ᠤᠨ ᠰᠠᠪᠠ ᠭᠠᠵᠠᠷ ᠤᠨ ᠪᠦᠭᠦ ᠲᠠᠯᠠᠪᠠᠶ ᠶᠢᠨ 1/5 ᠰᠢᠬᠠᠮ ᠢ | ᠡᠵᠡᠯᠡᠵᠦ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ︽ ᠬᠠᠳᠤᠨ ᠭᠤᠣᠯ ᠤᠨ ︿ ᠶᠡᠭᠡ ᠲᠣᠬᠤᠢ ﹀ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠬᠦ ᠬᠡᠷᠡᠭᠲᠡᠢ ︾ ᠭᠡᠵᠦ ᠣᠯᠠᠨᠲᠠ ᠴᠢᠬᠤᠯᠠᠴᠢᠯᠠᠪᠠ ᠃ ᠡᠶᠢᠮᠦ ᠠᠴᠠ ᠂ ᠪᠢᠳᠡ ᠬᠠᠲᠤᠨ ᠭᠤᠣᠯ ᠳᠠᠭᠠᠤ ᠭᠠᠵᠠᠷ ᠣᠷᠣᠨ ᠤ 45% ᠶᠢᠨ ᠤᠯᠤᠰ ᠤᠨ ᠨᠤᠲᠤᠭ | ᠳᠡᠪᠢᠰᠬᠡᠷ ᠤᠨ ᠲᠠᠯᠠᠪᠠᠶ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ ᠂ ᠴᠦᠯᠯᠡᠷᠭᠡᠭᠵᠢᠭᠰᠡᠨ ᠭᠠᠵᠠᠷ ᠰᠢᠷᠣᠢ ᠪᠠ ᠬᠥᠷᠥᠰᠥ | ᠰᠢᠷᠣᠢ ᠶᠢᠨ ᠢᠳᠡᠭᠳᠡᠯ ᠢ ᠵᠠᠰᠠᠬᠤ ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ | ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠪᠠ ᠭᠡᠮ ᠰᠣᠭᠤᠭ ᠲᠠᠢ ᠤᠰᠤᠨ ᠴᠥᠭᠦᠷᠥᠮ ᠂ ᠨᠦᠯᠦᠮᠡᠯ | ᠭᠠᠵᠠᠷ ᠤᠨ ᠬᠠᠰᠢᠯᠭ᠎ᠠ ᠵᠡᠷᠭᠡ ᠶᠢ ᠵᠢᠭᠰᠠᠭᠠᠨ ᠪᠠᠶᠢᠴᠠᠭᠠᠵᠤ ᠵᠠᠰᠠᠨ ᠰᠡᠷᠭᠦᠭᠡᠬᠦ ᠠᠵᠢᠯ ᠢ ᠥᠷᠨᠢᠭᠦᠯᠵᠦ ᠂ ᠬᠠᠲᠤᠨ ᠭᠤᠣᠯ ᠤᠨ ᠭᠤᠣᠯ ᠤᠨ ᠵᠠᠮ ᠤᠨ ︽ | ᠳᠤᠷ᠎ᠠ ᠪᠠᠷ ᠢᠶᠠᠨ ᠡᠵᠡᠯᠡᠬᠦ ᠂ ᠳᠤᠷ᠎ᠠ ᠪᠠᠷ ᠢᠶᠠᠨ ᠮᠠᠯᠲᠠᠬᠤ ᠂ ᠳᠤᠷ᠎ᠠ ᠪᠠᠷ ᠢᠶᠠᠨ ᠣᠪᠣᠭᠠᠯᠠᠬᠤ ᠂ ᠳᠤᠷ᠎ᠠ ᠪᠠᠷ ᠢᠶᠠᠨ ᠪᠠᠶᠢᠭᠤᠯᠬᠤ ︾ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠵᠤ ᠂ ᠨᠢᠩᠰᠢᠶᠠ ᠂ ᠱᠠᠨᠰᠢ ᠯᠤᠭ᠎ᠠ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠵᠥᠪᠯᠡᠯᠴᠡᠭᠡᠷ ᠲᠣᠭᠲᠠᠵᠤ ᠂ ᠬᠠᠲᠤᠨ ᠭᠤᠣᠯ ᠳᠠᠭᠠᠤ | ᠭᠠᠵᠠᠷ ᠣᠷᠣᠨ ᠤ ᠠᠮᠢ ᠠᠬᠤᠢ ᠶᠢᠨ ᠳᠦᠷᠰᠦ ᠪᠠᠶᠢᠳᠠᠯ ᠳᠤ ᠢᠳᠡᠪᠬᠢᠲᠡᠢ ᠬᠤᠪᠢᠷᠠᠯᠲᠠ ᠭᠠᠷᠬᠤ ᠶᠢ ᠠᠬᠢᠭᠤᠯᠵᠠᠢ ᠃ ᠬᠠᠲᠤᠨ ᠭᠤᠣᠯ ᠤᠨ ᠭᠤᠣᠯ ᠤᠷᠤᠰᠬᠠᠯ ᠤᠨ | ᠥᠪᠥᠷ ᠮᠣᠩᠭᠤᠯ ᠤᠨ ᠬᠡᠰᠡᠭ ᠤᠨ ᠤᠰᠤᠨ ᠤ ᠴᠢᠨᠠᠷ 5 ᠵᠢᠯ ᠳᠠᠷᠠᠭᠠᠯᠠᠨ Ⅱ ᠲᠥᠷᠥᠯ ᠤᠨ ᠰᠢᠯᠢᠳᠡᠭ ᠰᠠᠶᠢᠨ ᠲᠦᠪᠰᠢᠨ ᠳᠤ ᠬᠦᠷᠴᠦ ᠂ ᠤᠯᠤᠰ ᠤᠨ ᠭᠠᠵᠠᠷ | ᠳᠡᠭᠡᠷᠡᠬᠢ ᠤᠰᠤ ᠶᠢ ᠬᠢᠨᠠᠨ ᠰᠢᠯᠭᠠᠬᠤ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠭᠦᠷᠦᠭᠰᠡᠨ ᠨᠣᠷᠮ᠎ᠠ 100% ᠳᠤ ᠬᠦᠷᠴᠡᠢ ᠃ ᠪᠦᠭᠦ | ᠤᠯᠤᠰ ᠤᠨ ᠠᠩᠬᠠᠳᠠᠭᠴᠢ ︽ ᠡᠯᠡᠰᠦ ᠶᠢ ᠬᠠᠰᠢᠵᠤ ᠤᠰᠤ ᠰᠣᠯᠢᠬᠤ ︾ ᠲᠤᠷᠰᠢᠯᠲᠠ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠂ ᠣᠷᠳᠣᠰ ᠬᠤᠲᠠ ᠶᠢᠨ | ᠬᠢᠯᠢ ᠳᠣᠲᠣᠷᠠᠬᠢ ︽ ᠠᠷᠪᠠᠨ ᠲᠣᠮᠣ ᠬᠥᠨᠳᠡᠢ ︾ ᠶᠢᠨ ᠬᠠᠲᠤᠨ ᠭᠤᠣᠯ ᠤᠨ ᠡᠯᠡᠰᠦ ᠰᠢᠪᠠᠷ ᠤᠨ ᠬᠡᠮᠵᠢᠶ᠎ᠡ 2000 ᠣᠨ ᠠᠴᠠ ᠡᠮᠦᠨ᠎ᠡ ᠵᠢᠯ ᠳᠤᠮᠳᠠᠴᠢ ᠪᠠᠷ | 2700 ᠭᠠᠷᠤᠢ ᠲᠦᠮᠡᠨ ᠲᠣᠨ ᠪᠠᠶᠢᠭᠰᠠᠨ ᠠᠴᠠ ᠪᠠᠨ ᠪᠠᠭᠤᠷᠠᠭᠠᠳ ᠣᠲᠣ 400 ᠭᠠᠷᠤᠢ ᠲᠦᠮᠡᠨ ᠲᠣᠨ ᠪᠣᠯᠪᠠ ᠃ | ᠬᠠᠮᠠᠭᠠᠯᠠᠬᠤ ᠪᠣᠯ ᠬᠥᠭᠵᠢᠯᠲᠡ ᠶᠢᠨ ᠤᠷᠢᠲᠠᠯ ᠮᠥᠨ ᠃ ᠥᠨᠥᠳᠥᠷ ᠤᠨ ᠥᠪᠥᠷ ᠮᠣᠩᠭᠤᠯ ᠳᠤ ︽ ᠬᠠᠮᠠᠭᠠᠯᠠᠬᠤ ︾ ᠰᠢᠰᠲ᠋ᠧᠮ ᠡᠳᠦᠷ ᠢᠷᠡᠬᠦᠶ᠎ᠡ | ᠲᠡᠭᠦᠯᠳᠡᠷᠵᠢᠵᠦ ᠂ ︽ ᠬᠠᠮᠠᠭᠠᠯᠠᠬᠤ ︾ ᠡᠷᠴᠢᠮ ᠲᠠᠰᠤᠷᠠᠯᠲᠠ ᠦᠭᠡᠢ ᠴᠢᠩᠭᠠᠷᠠᠵᠤ ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠂ ᠲᠣᠭᠲᠠᠪᠤᠷᠢᠲᠤ | ᠴᠢᠨᠠᠷ ᠂ ᠦᠷᠭᠦᠯᠵᠢᠯᠡᠬᠦ ᠴᠢᠨᠠᠷ ᠡᠳᠦᠷ ᠢᠷᠡᠬᠦᠶ᠎ᠡ ᠳᠡᠭᠡᠭᠰᠢᠯᠡᠵᠦ ᠪᠠᠶᠢᠨ᠎ᠠ ᠃ ᠡᠭᠦᠨ ᠤ ᠵᠡᠷᠭᠡ ᠪᠠᠷ ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠂ ᠣᠶ ᠰᠢᠭᠤᠢ | ᠨᠤᠲᠤᠭ ᠪᠡᠯᠴᠢᠭᠡᠷ ᠢ ᠰᠦᠢᠳᠬᠡᠬᠦ ᠦᠵᠡᠭᠳᠡᠯ ᠪᠠ ᠠᠮᠢ ᠠᠬᠤᠢ ᠮᠠᠭᠤᠳᠠᠬᠤ ᠂ ᠤᠰᠤ ᠰᠢᠷᠣᠢ ᠶᠢᠨ ᠢᠳᠡᠭᠳᠡᠯ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠵᠤ ᠂ | ᠶᠡᠭᠡ ᠬᠦᠴᠦ ᠣᠷᠣᠭᠤᠯᠵᠤ ᠂ ᠤᠷᠳᠤ ᠤᠳᠠᠭᠠᠨ ᠵᠢᠳᠬᠦᠯ ᠴᠢᠷᠮᠠᠶᠢᠯᠭ᠎ᠠ ᠭᠠᠷᠭᠠᠵᠤ ᠰᠢᠢᠳᠪᠦᠷᠢᠯᠡᠬᠦ ᠴᠢᠬᠤᠯᠠᠲᠠᠢ ᠪᠠᠶᠢᠨ᠎ᠠ ᠃ ᠪᠢᠳᠡ ︽ ᠬᠠᠮᠠᠭᠠᠯᠠᠬᠤ ︾ ᠠᠷᠭ᠎ᠠ ᠶᠢ | ᠰᠠᠶᠢᠲᠤᠷ ᠬᠡᠷᠡᠭᠯᠡᠵᠦ ᠂ ᠦᠵᠡᠰᠬᠦᠯᠡᠩᠲᠦ ᠰᠠᠶᠢᠬᠠᠨ ᠠᠭᠤᠯᠠ ᠤᠰᠤ ᠰᠠᠶᠢᠨ ᠰᠠᠶᠢᠬᠠᠨ ᠠᠮᠢ ᠠᠬᠤᠢ ᠶᠢ ᠰᠠᠶᠢᠲᠤᠷ ᠰᠠᠬᠢᠨ ᠬᠠᠮᠠᠭᠠᠯᠠᠵᠤ ᠂ ︽ ᠥᠩᠭᠡ ᠶᠢᠨ ᠴᠡᠴᠡᠭ | ᠰᠣᠯᠣᠩᠭᠠᠷᠠᠵᠤ ︾ ᠂ ︽ ᠤᠰᠤᠨ ᠪᠣᠯᠣᠷ ᠭᠤᠣᠯ ᠲᠤᠨᠤᠯᠵᠠᠬᠤ ︾ ᠦᠵᠡᠰᠬᠦᠯᠡᠩᠲᠦ ᠰᠠᠶᠢᠬᠠᠨ ᠦᠵᠡᠮᠵᠢ ᠶᠢ ᠤᠮᠠᠷᠠᠲᠤ ᠬᠢᠯᠢ ᠳᠤ ᠥᠨᠢᠳᠡ ᠰᠦᠨᠳᠡᠷᠯᠡᠭᠦᠯᠦᠨᠡ ᠃ | ︽ ᠵᠠᠰᠠᠯᠲᠠ ︾ ᠪᠠᠷ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ | ᠶᠡᠷᠦᠩᠬᠡᠢ ᠱᠦᠵᠢ ᠰᠢ ᠶᠢᠨ ᠫᠢᠩ ᠂ ︽ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠳᠤ ᠡᠷᠬᠡᠪᠰᠢ ᠶᠡᠷᠦᠩᠬᠡᠶᠢᠯᠡᠭᠰᠡᠨ ᠵᠠᠰᠠᠯᠲᠠ ᠬᠢᠬᠦ ᠬᠡᠷᠡᠭᠲᠡᠢ ︾ ᠭᠡᠵᠦ | ᠴᠢᠬᠤᠯᠠᠴᠢᠯᠠᠪᠠ ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠂ ᠠᠮᠢ ᠠᠬᠤᠢ ᠣᠷᠴᠢᠨ ᠲᠣᠭᠤᠷᠢᠨ ᠤ ᠰᠠᠭᠤᠷᠢ ᠶᠢ | ᠬᠠᠮᠠᠭᠠᠯᠠᠨ ᠪᠠᠬᠢᠵᠢᠭᠦᠯᠬᠦ ᠳᠤ ᠲᠦᠰᠢᠭᠯᠡᠬᠦ ᠪᠥᠭᠡᠳ ᠪᠠᠰᠠ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠡᠪᠡᠷᠰᠢᠶᠡᠯ ᠢ ᠵᠠᠰᠠᠬᠤ ᠳᠤ ᠲᠦᠰᠢᠭᠯᠡᠬᠦ ᠬᠡᠷᠡᠭᠲᠡᠢ ᠃ | ᠡᠶᠢᠮᠦ ᠠᠴᠠ ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ ᠂ ᠪᠢᠳᠡ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ | ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠪᠠ ᠃ | ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠪᠡ ᠃ ᠶᠡᠷᠦᠩᠬᠡᠢ | ᠱᠦᠵᠢ ᠰᠢ ᠶᠢᠨ ᠫᠢᠩ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠠᠶᠢᠭᠤᠯᠤᠯᠲᠠ ᠶᠢ ᠢᠮᠠᠭᠲᠠ ᠰᠠᠨᠠᠭᠠᠯᠵᠠᠭᠰᠠᠭᠠᠷ ᠢᠷᠠᠵᠠᠢ ᠃ 2023 | ᠣᠨ ᠤ 6 ᠰᠠᠷ᠎ᠠ ᠳᠤ ᠂ ᠶᠡᠷᠦᠩᠬᠡᠢ ᠱᠦᠵᠢ ᠥᠪᠥᠷ ᠮᠣᠩᠭᠤᠯ ᠳᠤ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠤᠷᠢᠶᠠᠯᠠᠭ᠎ᠠ ᠭᠠᠷᠭᠠᠵᠤ ᠂ 10 ᠵᠢᠯ ᠰᠢᠬᠠᠮ ᠤᠨ ᠴᠠᠭ ᠢ ᠬᠡᠷᠡᠭᠰᠡᠵᠦ ᠪᠠᠶᠢᠭᠠᠳ ︽ ᠤᠮᠠᠷᠠᠲᠤ ᠶᠢᠨ ᠭᠤᠷᠪᠠᠨ ᠣᠷᠣᠨ ︾ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠳᠠᠮᠵᠢ ᠨᠢ ᠪᠦᠷᠢᠨ ᠲᠡᠭᠦᠯᠳᠡᠷ ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠳᠤᠯ ᠦᠭᠡᠢ | ᠣᠷᠳᠣ ᠴᠠᠭᠠᠨ ᠬᠡᠷᠡᠮ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ ᠃ ᠪᠢᠳᠡ ᠥᠪᠥᠷ ᠮᠣᠩᠭᠤᠯ ᠤᠨ ᠡᠭᠦᠷᠭᠡᠯᠡᠵᠦ | ᠪᠠᠶᠢᠭ᠎ᠠ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ 60% ᠶᠢᠨ | ᠡᠭᠦᠷᠭᠡ ᠶᠢᠨ ᠪᠣᠳᠠᠲᠤ ᠪᠠᠶᠢᠳᠠᠯ ᠳᠤ ᠰᠠᠭᠤᠷᠢᠯᠠᠨ ᠂ ᠵᠢᠯ ᠪᠦᠷᠢ ᠭᠠᠵᠠᠷ ᠭᠡᠰᠬᠦ ᠲᠠᠢ ᠵᠡᠷᠭᠡ ᠪᠠᠷᠠᠭᠤᠨ ᠠᠴᠠ ᠵᠡᠭᠦᠨ ᠂ ᠡᠮᠦᠨ᠎ᠡ ᠠᠴᠠ ᠤᠮᠠᠷ᠎ᠠ ᠭᠦᠷᠲᠡᠯ᠎ᠡ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ ᠶᠡᠭᠡ ᠬᠠᠮᠲᠤᠷᠠᠭᠰᠠᠨ ᠳᠠᠶᠢᠯᠠᠯᠳᠤᠭᠠᠨ ︾ ᠢ ᠪᠦᠭᠦ ᠲᠠᠯ᠎ᠠ ᠪᠠᠷ ᠥᠷᠨᠢᠭᠦᠯᠵᠦ ᠂ ᠡᠯᠡᠰᠦᠨ ᠲᠡᠯᠡᠶ ᠳᠤ ᠬᠡᠰᠡᠭ | ᠪᠤᠰᠠᠭ ᠦᠷᠭᠦᠯᠵᠢᠯᠡᠭᠰᠡᠨ ᠡᠯᠡᠰᠦᠨ ᠬᠠᠯᠬᠠᠪᠴᠢ ᠭᠠᠷᠭᠠᠵᠤ ᠂ ᠮᠤᠷᠤᠯᠵᠠᠨ ᠵᠢᠭᠳᠡᠷᠡᠭᠰᠡᠨ ᠴᠢᠬᠢ ᠮᠣᠳᠣ ᠵᠠᠶᠢᠯᠠᠪᠠ ᠃ 2023 ᠣᠨ ᠂ 2024 ᠣᠨ ᠳᠤ ᠲᠣᠰ | ᠲᠣᠰ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ 950 ᠲᠦᠮᠡᠨ ᠮᠦ ᠂ 1954 ᠲᠦᠮᠡᠨ ᠮᠦ ᠳᠤ ᠬᠦᠷᠭᠡᠵᠦ ᠂ ᠡᠯᠡᠰᠦ ᠶᠢ ᠵᠠᠰᠠᠬᠤ ᠡᠭᠦᠷᠭᠡ ᠪᠠᠷ | ᠨᠡᠯᠢᠶᠡᠳ ᠪᠠᠭ᠎ᠠ 6 ᠬᠤᠰᠢᠭᠤ ᠰᠢᠶᠠᠨ ᠢ ᠪᠦᠭᠦᠨ ᠢ ᠵᠠᠰᠠᠵᠤ ᠳᠠᠭᠤᠰᠬᠠᠨ ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠠᠬᠢᠴᠠ ᠶᠢ 80% ᠳᠤ ᠬᠦᠷᠭᠡᠪᠡ ᠃ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠢᠨ᠎ᠡ ᠶᠢ | ᠡᠭᠦᠳᠦᠨ ᠬᠡᠷᠡᠭᠵᠢᠭᠦᠯᠵᠦ ᠂ 2024 ᠣᠨ ᠳᠤ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ | ᠪᠠᠶᠢᠭᠤᠯᠵᠤ ᠂ 238 ᠲᠦᠮᠡᠨ ᠮᠦ ᠡᠯᠡᠰᠦ ᠶᠢ ᠲᠥᠭᠦᠷᠵᠢᠭᠦᠯᠦᠨ ᠵᠠᠰᠠᠵᠤ ᠂ ᠬᠥᠪᠴᠢ ᠶᠢᠨ ᠡᠯᠡᠰᠦ ᠶᠢᠨ ᠬᠠᠲᠤᠨ ᠭᠤᠣᠯ ᠤᠨ ᠣᠷᠣᠨ ᠪᠦᠰᠡ ᠳᠠᠭᠠᠤ ᠨᠢᠭᠡ | ᠵᠤᠷᠪᠤᠰ ︽ ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ ︾ ᠢ ᠪᠠᠶᠢᠭᠤᠯᠵᠤ ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠂ ᠣᠷᠣᠯᠭ᠎ᠠ ᠶᠢ ᠨᠡᠮᠡᠭᠳᠡᠭᠦᠯᠬᠦ ᠂ ᠡᠨᠧᠷᠭᠢ ᠶᠢ | ᠨᠡᠮᠡᠭᠳᠡᠭᠦᠯᠬᠦ ᠲᠠᠯ᠎ᠠ ᠪᠠᠷ ᠤᠯᠠᠨ ᠠᠰᠢᠭ ᠢ ᠪᠡᠶᠡᠯᠡᠭᠦᠯᠪᠡ ᠃ ᠡᠨᠡ ᠵᠢᠯ 2000 ᠲᠦᠮᠡᠨ ᠮᠦ ᠠᠴᠠ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠪᠠᠷ | ᠲᠥᠯᠥᠪᠯᠡᠵᠦ ᠂ ᠬᠠᠲᠤᠨ ᠭᠤᠣᠯ ᠤᠨ ︽ ᠶᠡᠭᠡ ᠲᠣᠬᠤᠢ ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠰᠡᠭ ᠣᠷᠣᠨ ᠳᠤ ᠨᠣᠭᠤᠭᠠᠷᠠᠭᠤᠯᠤᠯᠲᠠ ᠶᠢᠨ ᠪᠦᠰᠡ ᠂ | ᠨᠦᠯᠦᠮᠡᠯ ᠭᠠᠵᠠᠷ ᠤᠨ ᠬᠠᠰᠢᠯᠭ᠎ᠠ ᠂ ᠭᠡᠷᠡᠯᠴᠢ ᠴᠡᠨᠡᠭ ᠤᠨ ᠡᠯᠡᠰᠦ ᠶᠢ ᠵᠠᠰᠠᠬᠤ ᠪᠦᠰᠡ ᠂ ᠡᠯᠡᠰᠦ ᠶᠢ ᠡᠮᠵᠢᠶᠡᠷᠢᠯᠡᠬᠦ ᠤᠢ ᠶᠢᠨ ︽ ᠳᠥᠷᠪᠡᠨ ᠰᠡᠷᠭᠡᠶᠢᠯᠡᠯᠲᠡ ᠶᠢᠨ | ᠱᠤᠭᠤᠮ ︾ ᠢ ᠪᠠᠲᠤ ᠪᠠᠬᠢ ᠪᠠᠶᠢᠭᠤᠯᠵᠤ ᠂ ᠬᠤᠷᠴᠢᠨ ᠂ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ | ᠬᠡᠰᠡᠭ ᠣᠷᠣᠨ ᠳᠤ ︽ ᠰᠢᠷᠭᠠᠯ ᠡᠯᠡᠰᠦ ᠶᠢ ᠰᠥᠨᠥᠭᠡᠬᠦ ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠵᠢᠯ ᠤᠨ ᠳᠣᠲᠣᠷ᠎ᠠ ᠳᠠᠭᠢᠨ 9 ᠬᠤᠰᠢᠭᠤ ᠰᠢᠶᠠᠨ ᠤ | ᠨᠡᠭᠦᠳᠡᠯ ᠡᠯᠡᠰᠦᠷᠬᠡᠭ ᠭᠠᠵᠠᠷ ᠢ ᠪᠦᠭᠦᠨ ᠢ ᠰᠥᠨᠥᠭᠡᠬᠦ ᠪᠠᠷ ᠴᠢᠷᠮᠠᠶᠢᠵᠤ ᠂ ᠾᠧᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠵᠠᠬ᠎ᠠ ᠭᠦᠪᠡᠭᠡ ᠶᠢᠨ | ᠬᠤᠷᠢᠭᠯᠠᠯᠲᠠ ᠶᠢᠨ ᠳᠠᠶᠢᠯᠠᠯᠳᠤᠭᠠᠨ ᠤ ᠬᠡᠰᠡᠭ ᠣᠷᠣᠨ ᠳᠤ ᠪᠠᠳᠠᠢ ᠶᠢᠨ ᠵᠢᠷᠠᠨ ᠂ ᠲᠡᠭᠷᠢ ᠂ ᠤᠯᠠᠭᠠᠨᠪᠤᠬ᠎ᠠ ᠶᠢᠨ ᠡᠯᠡᠰᠦᠨ ᠤ ᠵᠠᠬ᠎ᠠ ᠭᠦᠪᠡᠭᠡ ᠳᠤ ᠰᠠᠯᠬᠢ ᠶᠢ | ᠰᠡᠷᠭᠡᠶᠢᠯᠡᠨ ᠡᠯᠡᠰᠦ ᠶᠢ ᠬᠤᠷᠢᠭᠯᠠᠬᠤ ᠪᠦᠰᠡ ᠶᠢᠨ 431 ᠺᠢᠯᠣᠮᠧᠳ᠋ᠷ ᠤᠨ ᠲᠠᠰᠤᠯᠳᠠᠯ ᠴᠡᠭ ᠢ ᠨᠥᠬᠦᠪᠦᠷᠢᠯᠡᠵᠦ ᠂ ᠭᠤᠷᠪᠠᠨ ᠶᠡᠭᠡ ᠡᠯᠡᠰᠦᠨ ᠳᠤ ︽ ᠨᠣᠭᠤᠭᠠᠨ | ᠬᠦᠵᠦᠭᠦᠪᠴᠢ ︾ ᠵᠡᠭᠦᠯᠭᠡᠪᠡ ᠃ ᠨᠢᠭᠡ ᠴᠣᠭᠴᠠᠵᠢᠭᠤᠯᠬᠤ ᠢᠨᠵᠧᠨᠧᠷᠢᠩ ᠳᠤ 1500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ | ᠰᠢᠨ᠎ᠡ ᠪᠠᠷ ᠪᠠᠶᠢᠭᠤᠯᠵᠤ ᠂ 140 ᠲᠦᠮᠡᠨ ᠮᠦ ᠠᠴᠠ ᠳᠡᠭᠡᠭᠰᠢ ᠡᠯᠡᠰᠦ ᠶᠢ ᠲᠥᠭᠦᠷᠵᠢᠭᠦᠯᠦᠨ ᠵᠠᠰᠠᠪᠠ ᠃ | ᠬᠥᠬᠡ ᠣᠭᠲᠠᠷᠭᠤᠢ ᠂ ᠬᠥᠬᠡᠮᠳᠦᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠪᠡ ᠃ ᠡᠨᠡ ᠪᠣᠯ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠲᠣᠭᠤᠷᠢᠵᠤ ᠭᠠᠷᠴᠤ ᠳᠡᠶᠢᠯᠭᠦ ᠦᠭᠡᠢ ᠂ | ᠵᠠᠶᠢᠯᠠᠵᠤ ᠴᠤ ᠳᠡᠶᠢᠯᠭᠦ ᠦᠭᠡᠢ ᠂ ᠡᠷᠬᠡᠪᠰᠢ ᠰᠠᠶᠢᠲᠤᠷ ᠬᠢᠬᠦ ᠴᠢᠬᠤᠯᠠᠲᠠᠢ ᠳᠠᠶᠢᠯᠠᠯᠳᠤᠭᠠᠨ ᠪᠣᠯᠣᠨ᠎ᠠ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠱᠠᠭᠠᠷᠳᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ ᠂ ᠥᠪᠥᠷ ᠮᠣᠩᠭᠤᠯ ᠤᠨ ᠨᠣᠮᠢᠨ ᠨᠣᠭᠤᠭᠠᠨ ᠂ ᠬᠥᠬᠡᠮᠳᠦᠭ ᠴᠡᠩᠬᠡᠷ ᠂ ᠠᠷᠢᠭᠤᠨ ᠴᠡᠪᠡᠷ ᠢ ᠡᠷᠡᠰ ᠰᠠᠬᠢᠨ | ᠬᠠᠮᠠᠭᠠᠯᠠᠪᠠ ᠃ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠣᠯᠠᠨ ᠪᠣᠬᠢᠷᠳᠤᠯ | ᠪᠣᠳᠠᠰ ᠢ ᠬᠠᠮᠵᠢᠯᠴᠠᠨ ᠡᠵᠡᠮᠳᠡᠬᠦ ᠶᠢ ᠳᠣᠪᠤᠶᠢᠯᠭᠠᠵᠤ ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠂ ᠭᠦᠭᠡᠬᠤᠲᠠ ᠪᠤᠭᠤᠲᠤ ᠣᠷᠳᠣᠰ ᠵᠡᠷᠭᠡ | ᠭᠤᠣᠯᠳᠠᠯᠭ᠎ᠠ ᠲᠠᠢ ᠣᠷᠣᠨ ᠪᠦᠰᠡ ᠪᠠᠷ ᠭᠤᠣᠯ ᠲᠡᠶᠢᠨ ᠤ ᠲᠠᠯᠠᠪᠤᠷ ᠪᠤᠯᠭᠠᠵᠤ ᠂ ᠨᠠᠮᠤᠷ ᠡᠪᠦᠯ ᠤᠨ ᠤᠯᠠᠷᠢᠯ ᠢᠶᠠᠷ ᠭᠤᠣᠯᠳᠠᠯᠭ᠎ᠠ ᠲᠠᠢ ᠴᠠᠭ ᠬᠤᠭᠤᠴᠠᠭ᠎ᠠ ᠪᠤᠯᠭᠠᠵᠤ ᠂ | ᠣᠷᠣᠨ ᠪᠦᠰᠡ ᠶᠢᠨ ᠪᠣᠬᠢᠷᠳᠤᠯ ᠢ ᠬᠠᠮᠵᠢᠯᠴᠠᠨ ᠵᠠᠰᠠᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠭᠠᠳᠠᠭᠰᠢᠯᠠᠭᠤᠯᠬᠤ ᠶᠢ | ᠦᠷᠭᠦᠯᠵᠢᠯᠡᠨ ᠪᠠᠭᠠᠰᠬᠠᠪᠠ ᠃ 2024 ᠣᠨ ᠳᠤ ᠪᠦᠭᠦ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ 99.2% ᠲᠤ ᠬᠦᠷᠴᠦ ᠂ ᠬᠢᠨᠠᠨ ᠬᠡᠮᠵᠢᠭᠰᠡᠨ ᠲᠡᠮᠳᠡᠭᠯᠡᠯ ᠬᠢᠭᠰᠡᠨ ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ ᠢ ᠡᠭᠦᠳᠴᠡᠢ ᠃ | ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ ᠂ ᠤᠰᠤᠨ ᠤ ᠠᠮᠢ ᠠᠬᠤᠢ ᠶᠢᠨ ᠵᠠᠰᠠᠯᠲᠠ ᠶᠢᠨ ᠳᠣᠲᠣᠭᠠᠳᠤ ᠵᠢᠮ᠎ᠡ ᠬᠠᠤᠯᠢ ᠪᠠ ᠵᠢᠮ᠎ᠡ ᠶᠣᠰᠣ ᠶᠢ | ᠭᠦᠨᠵᠡᠭᠡᠢ ᠰᠤᠳᠤᠯᠵᠤ ᠂ ᠤᠰᠤᠨ ᠤ ᠣᠷᠴᠢᠨ ᠲᠣᠭᠤᠷᠢᠨ ᠤ ᠵᠠᠰᠠᠯᠲᠠ ᠪᠠᠷ ᠭᠤᠣᠯ ᠪᠤᠯᠭᠠᠵᠤ ᠪᠠᠶᠢᠭᠰᠠᠨ ᠠᠴᠠ ᠤᠰᠤᠨ ᠤ ᠡᠬᠢ ᠪᠠᠶᠠᠯᠢᠭ ᠂ ᠤᠰᠤᠨ ᠤ ᠣᠷᠴᠢᠨ | ᠲᠣᠭᠤᠷᠢᠨ ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠬᠦ ᠲᠡᠶᠢᠰᠢ ᠬᠤᠪᠢᠷᠠᠭᠤᠯᠵᠤ ᠂ ᠬᠥᠯᠥᠨ ᠨᠠᠭᠤᠷ ᠂ ᠲᠠᠭ᠎ᠠ ᠶᠢᠨ ᠨᠠᠭᠤᠷ ᠤᠨ | ᠤᠰᠤᠨ ᠣᠷᠣᠨ ᠤ ᠲᠠᠯᠠᠪᠠᠶ ᠶᠢ ᠵᠦᠢ ᠵᠣᠬᠢᠰᠲᠠᠢ ᠣᠷᠣᠨ ᠪᠠᠶᠢᠷᠢ ᠳᠤ ᠲᠣᠭᠲᠠᠪᠤᠷᠢᠵᠢᠭᠤᠯᠵᠤ ᠂ ᠤᠯᠠᠭᠠᠨᠰᠤᠬᠠᠢ ᠨᠠᠭᠤᠷ ᠤᠨ ᠲᠥᠪ ᠤᠨ ᠣᠭᠲᠣᠯᠣᠭᠠᠰᠤ ᠶᠢᠨ | ᠤᠰᠤᠨ ᠤ ᠴᠢᠨᠠᠷ ᠢ Ⅳ ᠲᠥᠷᠥᠯ ᠳᠤ ᠬᠦᠷᠭᠡᠵᠦ ᠂ ︽ ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ ︾ ᠤᠨ ︽ ᠭᠠᠳᠠᠷ ᠳᠦᠷᠢ ᠲᠥᠷᠬᠦ ︾ ᠪᠠ ︽ | ᠳᠣᠲᠣᠭᠠᠳᠤ ᠳᠦᠷᠢ ᠲᠥᠷᠬᠦ ︾ ᠶᠢ ᠢᠯᠡᠳᠲᠡ ᠳᠡᠭᠡᠭᠰᠢᠯᠡᠭᠦᠯᠪᠡ ᠃ 2024 ᠣᠨ ᠳᠤ ᠂ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠤᠯᠤᠰ ᠤᠨ ᠰᠢᠯᠭᠠᠨ | ᠪᠠᠶᠢᠴᠠᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷ Ⅲ ᠲᠥᠷᠥᠯ ᠤᠨ ᠤᠰᠤᠨ ᠴᠣᠭᠴᠠ ᠶᠢᠨ ᠬᠠᠷᠢᠴᠠᠯ ᠳᠤ ᠭᠦᠷᠦᠭᠰᠡᠨ ᠪᠤᠶᠤ ᠲᠡᠭᠦᠨ ᠠᠴᠠ ᠰᠠᠶᠢᠨ | ᠪᠠᠶᠢᠬᠤ ᠬᠠᠷᠢᠴᠠᠯ ᠨᠢ 80.2% ᠪᠠᠶᠢᠵᠤ ᠂ 2014 ᠣᠨ ᠤ ᠬᠢ ᠠᠴᠠ ᠵᠠᠭᠤᠨ ᠤ ᠬᠠᠷᠢᠴᠠᠯ ᠢᠶᠠᠷ 22.5 ᠬᠤᠪᠢ ᠳᠡᠭᠡᠭᠰᠢᠯᠡᠪᠡ ᠃ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠭᠤᠣᠯᠳᠠᠯᠭ᠎ᠠ ᠲᠠᠢ | ᠣᠷᠣᠨ ᠪᠦᠰᠡ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ ᠂ ᠬᠤᠲᠠ ᠬᠥᠳᠡᠭᠡ ᠶᠢᠨ ᠬᠤᠭ ᠨᠣᠪᠰᠢ ᠶᠢ ᠬᠤᠣᠷ ᠦᠭᠡᠶᠢᠳᠡᠭᠦᠯᠦᠨ | ᠰᠢᠢᠳᠪᠦᠷᠢᠯᠡᠬᠦ ᠶᠢ ᠠᠬᠢᠭᠤᠯᠵᠤ ᠂ ᠤᠰᠤ ᠪᠣᠷᠳᠣᠭᠤᠷ ᠪᠦᠷᠬᠦᠭᠦᠯ ᠡᠮ ︽ ᠳᠥᠷᠪᠡ ᠶᠢ ᠡᠵᠡᠮᠳᠡᠬᠦ ︾ ᠶᠢ ᠬᠡᠷᠡᠭᠵᠢᠭᠦᠯᠵᠦ ᠂ ᠬᠥᠷᠥᠰᠥ ᠰᠢᠷᠣᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ | ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠪᠠ ᠃ | ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ ᠂ ᠥᠪᠥᠷ ᠮᠣᠩᠭᠤᠯ ᠠᠮᠢ ᠠᠬᠤᠢ ᠶᠢᠨ ᠰᠢᠰᠲ᠋ᠧᠮ ᠤᠨ ︽ ᠪᠦᠬᠦᠯᠢ ᠴᠣᠭᠴᠠ ᠪᠠᠷ ᠬᠤᠷᠢᠭᠯᠠᠵᠤ ᠂ ᠬᠡᠰᠡᠭ | ᠲᠠᠯ᠎ᠠ ᠪᠠᠷ ᠰᠠᠶᠢᠵᠢᠷᠠᠭᠰᠠᠨ ︾ ᠬᠤᠪᠢᠷᠠᠯᠲᠠ ᠶᠢ ᠪᠡᠶᠡᠯᠡᠭᠦᠯᠪᠡ ᠃ ᠬᠤᠶᠢᠰᠢᠳᠠ ᠮᠥᠨ ᠬᠦ ︽ ᠵᠠᠰᠠᠬᠤ ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠰᠢᠶᠠᠯ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠡᠷᠴᠢ ᠵᠣᠷᠢᠭ ᠢᠶᠠᠨ ᠬᠥᠪᠴᠢᠯᠡᠨ ᠂ ᠴᠢᠷᠮᠠᠶᠢᠨ ᠪᠣᠭᠤᠮᠲᠠ | ᠰᠢᠪᠲᠤᠯᠵᠤ ᠂ ᠨᠡᠩ ᠤᠯᠠᠨ ︽ ᠬᠠᠮᠠᠷ ᠬᠠᠳᠬᠤᠬᠤ ᠡᠪᠡᠰᠦ ᠦᠭᠡᠢ ᠭᠠᠵᠠᠷ ︾ ᠢ ︽ ᠬᠥᠮᠥᠨ ᠤ ᠣᠷᠴᠢᠯᠠᠩ ᠤᠨ ᠨᠣᠭᠤᠭᠠᠨ ᠪᠦᠷᠢᠳᠦ ︾ ᠪᠣᠯᠭᠠᠨ᠎ᠠ ᠃ ᠨᠠᠷᠢᠯᠢᠭ | ᠣᠨᠣᠴᠠᠲᠠᠢ ᠪᠠᠷ ᠪᠣᠬᠢᠷᠳᠤᠯ ᠢ ᠵᠠᠰᠠᠬᠤ ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ ᠂ | ᠪᠣᠬᠢᠷᠳᠤᠯ ᠪᠣᠳᠠᠰ ᠢ ᠭᠡᠲᠦ ᠭᠠᠳᠠᠭᠰᠢᠯᠠᠭᠤᠯᠬᠤ ᠂ ᠭᠠᠵᠠᠷ ᠳᠣᠣᠷᠠᠬᠢ ᠤᠰᠤ ᠶᠢ ᠭᠡᠲᠦ ᠮᠠᠯᠲᠠᠬᠤ ᠂ ᠳᠤᠷ᠎ᠠ ᠪᠠᠷ ᠢᠶᠠᠨ ᠮᠠᠯᠲᠠᠬᠤ ᠵᠡᠷᠭᠡ ᠲᠣᠪᠤᠶᠢᠮ᠎ᠠ ᠠᠰᠠᠭᠤᠳᠠᠯ ᠢ | ᠲᠦᠷᠭᠡᠳᠬᠡᠨ ᠰᠢᠢᠳᠪᠦᠷᠢᠯᠡᠵᠦ ᠂ ᠳᠦᠷᠢᠮ ᠲᠣᠭᠲᠠᠭᠠᠯ ᠲᠣᠭᠲᠠᠭᠠᠵᠤ ᠂ ᠵᠠᠰᠠᠯᠲᠠ ᠶᠢ ᠲᠡᠭᠦᠯᠳᠡᠷᠵᠢᠭᠦᠯᠦᠨ ᠂ ᠥᠪᠥᠷ ᠮᠣᠩᠭᠤᠯ ᠤᠨ ᠡᠬᠡ ᠭᠠᠵᠠᠷ ᠲᠤ ᠬᠥᠬᠡᠮᠳᠦᠭ | ᠠᠭᠤᠯᠠ ᠥᠨᠢᠳᠡ ᠰᠦᠨᠳᠡᠷᠯᠡᠵᠦ ᠂ ᠨᠣᠮᠢᠨ ᠤᠰᠤ ᠥᠨᠢᠳᠡ ᠤᠷᠤᠰᠴᠤ ᠂ ᠠᠭᠤᠷ ᠠᠮᠢᠰᠬᠤᠯ ᠥᠨᠢᠳᠡ ᠰᠢᠨ᠎ᠡ ᠰᠣᠷᠭᠤᠭ ᠪᠠᠶᠢᠬᠤ ᠪᠣᠯᠭᠠᠨ᠎ᠠ ᠃ | ︽ ᠬᠤᠪᠢᠷᠠᠭᠤᠯᠤᠯᠲᠠ ︾ ᠪᠠᠷ ᠪᠣᠬᠢᠷᠳᠤᠯ ᠦᠭᠡᠢ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ | ᠶᠡᠷᠦᠩᠬᠡᠢ ᠱᠦᠵᠢ ᠰᠢ ᠶᠢᠨ ᠫᠢᠩ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠰᠢᠢᠳᠪᠦᠷᠢᠯᠡᠬᠦ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠶᠡᠷᠦᠩᠬᠡᠢ ᠱᠦᠵᠢ 2023 | ᠣᠨ ᠤ 6 ᠰᠠᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠂ ︽ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠡᠬᠢ | ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ ︾ ᠭᠡᠵᠦ | ᠪᠢᠳᠡᠨ ᠳᠤ ᠱᠠᠭᠠᠷᠳᠠᠪᠠ ᠃ ᠥᠪᠥᠷ ᠮᠣᠩᠭᠤᠯ ᠳᠤ ᠠᠪᠴᠤ ᠬᠡᠯᠡᠪᠡᠯ ᠂ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠯ ᠴᠢᠨᠠᠷ ᠰᠠᠶᠢᠲᠠᠢ | ᠬᠥᠭᠵᠢᠯᠲᠡ ᠶᠢᠨ ᠴᠠᠭ ᠦᠶ᠎ᠡ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠡᠷᠲᠡ ᠬᠤᠪᠢᠷᠠᠭᠤᠯᠪᠠᠯ ᠡᠷᠲᠡ ᠦᠷ᠎ᠡ | ᠪᠦᠲᠦᠮᠵᠢ ᠣᠯᠬᠤ ᠂ ᠡᠷᠲᠡ ᠰᠠᠨᠠᠭᠠᠴᠢᠯᠠᠭᠠᠲᠤ ᠡᠷᠬᠡ ᠶᠢ ᠣᠯᠵᠤ ᠂ ᠠᠯᠭᠤᠷ ᠬᠤᠪᠢᠷᠠᠭᠤᠯᠪᠠᠯ ᠠᠰᠠᠭᠤᠳᠠᠯ ᠨᠠᠩ ᠣᠯᠠᠨ ᠬᠤᠷᠠᠮᠳᠤᠬᠤ ᠪᠣᠯᠵᠤ ᠂ ᠬᠤᠶᠢᠰᠢᠳᠠ ᠶᠢᠨ | ᠬᠥᠭᠵᠢᠯᠲᠡ ᠨᠠᠩ ᠰᠠᠨᠠᠭᠠᠴᠢᠯᠠᠭ᠎ᠠ ᠦᠭᠡᠢ ᠪᠠᠶᠢᠳᠠᠯ ᠳᠤ ᠣᠷᠣᠬᠤ ᠪᠣᠯᠣᠨ᠎ᠠ ᠃ ᠪᠢᠳᠡ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ | ᠦᠢᠯᠡᠰᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢᠨ ᠠᠵᠤ | ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ ᠃ 2024 ᠣᠨ ᠳᠤ ᠪᠦᠭᠦ ᠣᠷᠣᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 5.8% ᠪᠠᠷ ᠨᠡᠮᠡᠭᠳᠡᠵᠦ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ | ᠪᠦᠭᠦ ᠤᠯᠤᠰ ᠤᠨ ᠳᠤᠮᠳᠠ ᠲᠦᠪᠰᠢᠨ ᠳᠤ ᠣᠷᠣᠪᠠ ᠃ | ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠪᠠ ᠃ ᠥᠪᠥᠷ ᠮᠣᠩᠭᠤᠯ ᠤᠨ ᠨᠡᠭᠦᠷᠡᠰᠦᠨ ᠤ ᠬᠠᠳᠠᠭᠠᠯᠠᠭᠳᠠᠴᠠ ᠪᠠ ᠭᠠᠷᠤᠯᠲᠠ ᠴᠥᠮ | ᠪᠦᠭᠦ ᠤᠯᠤᠰ ᠤᠨ 1/4 ᠶᠢ ᠳᠠᠪᠠᠵᠤ ᠂ ᠰᠠᠯᠬᠢᠨ ᠤ ᠡᠨᠧᠷᠭᠢ ᠂ ᠨᠡᠷᠡᠨ ᠤ ᠡᠨᠧᠷᠭᠢ ᠶᠢᠨ ᠮᠡᠷᠭᠡᠵᠢᠯ ᠤᠨ ᠨᠡᠭᠡᠭᠡᠨ ᠠᠰᠢᠭᠯᠠᠵᠤ ᠪᠤᠯᠬᠤ ᠬᠡᠮᠵᠢᠶ᠎ᠡ ᠲᠣᠰ ᠲᠣᠰ ᠪᠦᠭᠦ | ᠤᠯᠤᠰ ᠤᠨ 1/2 ᠪᠠ 1/5 ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ ᠤᠳᠤ ᠦᠶ᠎ᠡ ᠶᠢᠨ ᠡᠨᠧᠷᠭᠢ ᠶᠢᠨ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ ︾ ᠭᠡᠰᠡᠨ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ | ᠠᠰᠢᠭᠯᠠᠬᠤ ᠶᠢ ᠶᠡᠭᠡ ᠪᠠᠷ ᠠᠬᠢᠭᠤᠯᠵᠤ ᠂ ᠨᠡᠭᠦᠷᠡᠰᠦ ᠪᠠᠷ ᠴᠠᠭᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ ᠂ | ︽ ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ ︾ ᠶᠢ ᠣᠨᠢᠯᠠᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠢ ᠲᠦᠷᠭᠡᠨ ᠬᠥᠭᠵᠢᠭᠦᠯᠵᠦ ᠂ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ ᠂ ᠲᠦᠷᠦᠯ ᠵᠦᠢᠯ ᠢᠶᠠᠷ | ᠬᠠᠮᠤᠭ ᠤᠨ ᠪᠦᠷᠢᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ ᠂ ᠨᠡᠭᠦᠷᠡᠰᠦᠨ ᠤ ᠠᠵᠤ | ᠦᠢᠯᠡᠰ ᠤᠨ ᠬᠡᠯᠬᠢᠶ᠎ᠡ ᠶᠢ ᠠᠬᠢᠨ ᠲᠠᠭᠢᠨ ᠤᠷᠲᠤᠳᠬᠠᠵᠤ ᠂ ︽ ᠨᠢᠭᠡ ᠬᠡᠰᠡᠭ ᠨᠡᠭᠦᠷᠡᠰᠦ ᠶᠢ ᠨᠢᠭᠡ ᠪᠠᠭᠴᠠ ᠰᠢᠷᠬᠡᠭ ᠂ ᠨᠢᠭᠡ ᠰᠢᠷᠬᠡᠭ ᠪᠥᠰ ︾ ᠪᠤᠯᠭᠠᠬᠤ | ᠬᠤᠪᠢᠷᠠᠯᠲᠠ ᠶᠢ ᠠᠩᠬ᠎ᠠ ᠠᠯᠬᠤᠮ ᠪᠡᠶᠡᠯᠡᠭᠦᠯᠪᠡ ᠃ ︽ ᠰᠠᠯᠬᠢ ᠭᠡᠷᠡᠯ ᠤᠨ ᠡᠨᠧᠷᠭᠢ ᠶᠢ ᠠᠰᠢᠭᠯᠠᠵᠤ ︾ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠰᠢᠨ᠎ᠡ | ᠡᠨᠧᠷᠭᠢ ᠶᠢ ᠨᠡᠭᠡᠭᠡᠨ ᠬᠥᠭᠵᠢᠭᠦᠯᠵᠦ ᠂ ︽ ᠡᠯᠡᠰᠦ ᠭᠤᠪᠢ ᠴᠦᠯ ︾ ᠤᠨ ᠲᠣᠮᠣ ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠂ 2024 | ᠣᠨ ᠤ ᠰᠡᠭᠦᠯᠴᠢ ᠪᠤᠯᠲᠠᠯ᠎ᠠ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.35 ᠳ᠋ᠦᠩᠰᠢᠭᠤᠷ ᠺᠢᠯᠣᠸᠠᠲ ᠲᠤ ᠬᠦᠷᠴᠦ ᠂ | ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠵᠤ ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ 1000 ᠲᠦᠮᠡᠨ | ᠺᠢᠯᠣᠸᠠᠲ ᠢ ᠳᠠᠪᠠᠵᠤ ᠂ ᠪᠣᠬᠢᠷᠳᠤᠯ ᠦᠭᠡᠢ ᠤᠰᠤᠲᠥ᠋ᠷᠥᠭᠴᠢᠲᠤ ᠦᠢᠯᠡᠳᠪᠦᠷᠢᠯᠡᠯ ᠤᠨ ᠴᠢᠳᠠᠪᠤᠷᠢ 6 ᠲᠦᠮᠡᠨ ᠲᠣᠨ ᠳᠤ ᠬᠦᠷᠴᠦ ᠂ ᠰᠢᠨ᠎ᠡ ᠡᠨᠧᠷᠭᠢ ᠪᠠᠷ ᠭᠤᠣᠯ | ᠴᠣᠭᠴᠠ ᠪᠤᠯᠭᠠᠬᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠪᠠ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠪᠠ ᠃ ᠪᠣᠬᠢᠷᠳᠤᠯ ᠦᠭᠡᠢ | ᠴᠠᠭᠢᠯᠭᠠᠨ ᠤ ᠪᠠᠭᠲᠠᠭᠠᠨ ᠰᠢᠩᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ ᠂ ᠰᠢᠨ᠎ᠡ ᠡᠨᠧᠷᠭᠢ ᠶᠢᠨ ᠠᠰᠢᠭᠯᠠᠯᠲᠠ ᠶᠢᠨ ᠨᠤᠷᠮ᠎ᠠ ᠶᠢ 94% ᠳᠤ ᠬᠦᠷᠭᠡᠵᠦ ᠂ ᠪᠣᠬᠢᠷᠳᠤᠯ | ᠦᠭᠡᠢ ᠴᠠᠭᠢᠯᠭᠠᠨ ᠤ ᠬᠡᠷᠡᠭᠯᠡᠭᠡ ᠨᠢ ᠴᠠᠭᠢᠯᠭᠠᠨ ᠬᠡᠷᠡᠭᠯᠡᠬᠦ ᠬᠡᠮᠵᠢᠶ᠎ᠡ ᠶᠢᠨ 30% ᠳᠤ ᠣᠶᠢᠷᠠᠲᠤᠪᠠ ᠃ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ | ᠪᠣᠬᠢᠷᠳᠤᠯ ᠦᠭᠡᠢ ᠴᠠᠭᠢᠯᠭᠠᠨ ᠤ ᠠᠷᠠᠯᠵᠢᠶ᠎ᠠ ᠶᠢ ᠢᠳᠡᠪᠬᠢᠲᠡᠢ ᠥᠷᠨᠢᠭᠦᠯᠵᠦ ᠂ 5 ᠮᠤᠵᠢ ᠣᠷᠣᠨ ᠲᠠᠢ ᠪᠣᠬᠢᠷᠳᠤᠯ ᠦᠭᠡᠢ ᠴᠠᠭᠢᠯᠭᠠᠨ ᠢ ᠭᠠᠳᠠᠭᠰᠢ ᠬᠦᠷᠭᠡᠬᠦ | ᠠᠷᠠᠯᠵᠢᠶᠠᠨ ᠤ ᠬᠠᠮᠲᠤᠷᠠᠯᠴᠠᠭ᠎ᠠ ᠪᠠᠶᠢᠭᠤᠯᠵᠤ ᠂ ᠠᠷᠠᠯᠵᠢᠶᠠᠨ ᠤ ᠬᠡᠪᠴᠢᠶ᠎ᠡ 762 ᠳ᠋ᠦᠩᠰᠢᠭᠤᠷ ᠭᠷᠡᠳᠦ᠋ᠰ ᠲᠤ ᠭᠦᠷᠪᠡ ᠃ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠪᠠ ᠃ ᠥᠪᠥᠷ ᠮᠣᠩᠭᠤᠯ ᠤᠨ ᠤᠯᠠᠮᠵᠢᠯᠠᠯᠲᠤ ᠠᠵᠤ ᠦᠢᠯᠡᠰ ᠣᠯᠠᠨ ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠴᠥᠭᠡᠨ ᠂ ᠳᠣᠣᠷᠠᠳᠤ ᠲᠠᠰ ᠤᠨ ᠠᠵᠤ ᠦᠢᠯᠡᠰ ᠣᠯᠠᠨ ᠂ ᠳᠡᠭᠡᠳᠦ ᠲᠠᠰ ᠤᠨ ᠠᠵᠤ ᠦᠢᠯᠡᠰ ᠴᠥᠭᠡᠨ ᠂ ᠡᠬᠢ | ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠣᠯᠠᠨ ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠴᠥᠭᠡᠨ ᠂ ᠭᠦᠳᠡᠯᠮᠦᠷᠢ ᠨᠢᠭᠲᠠᠷᠠᠭᠰᠠᠨ ᠠᠵᠤ ᠦᠢᠯᠡᠰ ᠣᠯᠠᠨ ᠂ | ᠬᠥᠷᠥᠩᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠲᠠᠷᠠᠭᠰᠠᠨ ᠠᠵᠤ ᠦᠢᠯᠡᠰ ᠴᠥᠭᠡᠨ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ︽ ᠥᠪᠥᠷ | ᠮᠣᠩᠭᠤᠯ ᠤᠨ ᠥᠪᠡᠷᠮᠢᠴᠡ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ︾ ᠭᠡᠵᠦ | ᠱᠠᠭᠠᠷᠳᠠᠭᠰᠠᠨ ᠨᠢ ᠪᠢᠳᠡᠨ ᠤ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠬᠤ ᠳᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠬᠠᠩᠭᠠᠪᠠ ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ | ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠶᠡᠭᠡ ᠪᠠᠷ | ᠬᠡᠷᠡᠭᠵᠢᠭᠦᠯᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ︽ 9 + 5 + 3 ︾ | ᠶᠢᠨ ᠢᠷᠡᠭᠡᠳᠦᠢ ᠶᠢᠨ ᠠᠵᠤ ᠦᠢᠯᠡᠰ ᠤᠨ ᠱᠠᠲᠤᠯᠢᠭ ᠪᠤᠶᠢᠵᠢᠭᠤᠯᠤᠨ ᠬᠥᠭᠵᠢᠭᠦᠯᠬᠦ ᠪᠠᠶᠢᠷᠢᠰᠢᠯ ᠢ ᠪᠠᠶᠢᠭᠤᠯᠵᠤ ᠂ ︽ 9 ︾ ᠭᠡᠳᠡᠭ ᠨᠢ ᠳᠠᠷᠤᠢ ᠨᠡᠭᠦᠷᠡᠰᠦᠨ | ᠡᠯᠧᠮᠧᠨ᠋ᠲ ᠢᠶᠠᠷ ᠰᠠᠭᠤᠷᠢ ᠪᠤᠯᠭᠠᠬᠰᠠᠨ ᠨᠢᠭᠡᠳᠪᠦᠷᠢ ᠪᠠ ᠰᠢᠨ᠎ᠡ ᠮᠠᠲ᠋ᠧᠷᠢᠶᠠᠯ ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠂ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ ᠂ ᠤᠰᠤᠲᠥ᠋ᠷᠥᠭᠴᠢ ᠡᠨᠧᠷᠭᠢ ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ ᠂ ᠪᠣᠳᠣᠯᠲᠠ ᠶᠢᠨ ᠬᠦᠴᠦᠨ ᠤ ᠲᠣᠣᠷ ᠵᠡᠷᠭᠡ 9 ᠶᠡᠭᠡ ᠳᠠᠪᠠᠭᠤᠯᠢᠭ | ᠠᠵᠤ ᠦᠢᠯᠡᠰ ᠢ ᠤᠷᠢᠳ ᠢᠶᠠᠷ ᠬᠥᠭᠵᠢᠭᠦᠯᠵᠦ ᠂ ︽ 5 ︾ ᠭᠡᠳᠡᠭ ᠨᠢ ᠳᠠᠷᠤᠢ ᠠᠮᠢᠳᠤ ᠪᠣᠳᠠᠰ ᠤᠨ ᠮᠠᠰ ᠤᠨ ᠪᠣᠬᠢᠷᠳᠤᠯ ᠦᠭᠡᠢ ᠡᠨᠧᠷᠭᠢ ᠂ ᠨᠡᠮᠡᠯᠲᠡ ᠮᠠᠲ᠋ᠧᠷᠢᠶᠠᠯ | ᠦᠢᠯᠡᠳᠬᠦ ᠵᠡᠷᠭᠡ 5 ᠶᠡᠭᠡ ᠳᠠᠯᠳᠠ ᠬᠦᠴᠦᠨ ᠲᠠᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ ᠂ ︽ 3 ︾ ᠭᠡᠳᠡᠭ ᠨᠢ ᠭᠡᠳᠦ ᠳᠠᠮᠵᠢᠭᠤᠯᠭ᠎ᠠ ᠶᠢᠨ ᠮᠠᠲ᠋ᠧᠷᠢᠶᠠᠯ ᠂ | ᠣᠭᠤᠰᠣᠷ ᠦᠭᠡᠢ ᠶᠢᠷᠲᠢᠨᠴᠦ ᠂ ᠲᠡᠷᠢᠭᠦᠨ ᠤ ᠴᠥᠮ᠎ᠡ ᠶᠢᠨ ᠡᠨᠧᠷᠭᠢ ᠵᠡᠷᠭᠡ 3 ᠶᠡᠭᠡ ᠪᠠᠷᠠᠯᠠᠯᠳᠤ ᠭᠡᠯᠪᠡᠷᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ᠎ᠠ ᠃ | 2024 ᠣᠨ ᠳᠤ ᠨᠡᠭᠦᠷᠡᠰᠦᠨ ᠤ ᠪᠤᠰᠤ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ 60% ᠠᠴᠠ | ᠳᠡᠭᠡᠭᠰᠢ ᠳᠤ ᠬᠦᠷᠴᠦ ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠂ | ᠲᠣᠨᠣᠭᠯᠠᠯ ᠦᠢᠯᠡᠳᠬᠦ ᠦᠢᠯᠡᠰ ᠤᠨ ᠬᠡᠪᠴᠢᠶ᠎ᠡ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ ᠃ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ | ᠦᠷᠭᠦᠯᠵᠢᠯᠡᠨ ᠡᠯᠪᠡᠭ ᠲᠣᠭᠲᠠᠭᠤᠨ ᠪᠠᠶᠢᠵᠤ ᠂ ᠠᠮᠤ ᠪᠤᠳᠠᠭᠠᠨ ᠤ ᠤᠨᠠᠯᠲᠠ 800 ᠳ᠋ᠦᠩᠰᠢᠭᠤᠷ ᠵᠢᠩ ᠢ ᠳᠠᠪᠠᠵᠤ ᠂ ᠦᠬᠡᠷ ᠤᠨ ᠮᠢᠬ᠎ᠠ ᠂ ᠬᠤᠨᠢᠨ ᠮᠢᠬ᠎ᠠ ᠂ | ᠦᠨᠢᠶᠡᠨ ᠰᠦ ᠂ ᠢᠮᠠᠭᠠᠨ ᠨᠣᠣᠯᠣᠭᠤᠷ ᠤᠨ ᠭᠠᠷᠤᠯᠲᠠ ᠪᠦᠭᠦ ᠤᠯᠤᠰ ᠲᠤ ᠲᠦᠷᠦᠭᠦᠯᠡᠪᠡ ᠃ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ | ᠴᠢᠨᠠᠷᠲᠠᠢ ᠨᠡᠭᠡᠭᠡᠯᠲᠡ ᠂ ᠴᠢᠨᠠᠷᠵᠢᠭᠤᠨ ᠠᠰᠢᠭᠯᠠᠯᠲᠠ ᠂ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ ᠂ ᠬᠤᠪᠣᠷ ᠰᠢᠷᠣᠢ ᠶᠢᠨ ᠠᠵᠤ ᠦᠢᠯᠡᠰ ᠤᠨ | ᠦᠢᠯᠡᠳᠬᠦᠨ ᠤ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠪᠠ ᠃ ᠲᠣᠭᠠᠴᠢᠯᠠᠭᠰᠠᠨ ᠠᠵᠤ ᠠᠬᠤᠢ ᠶᠢᠨ ᠳᠠᠪᠠᠭᠤᠯᠢᠭ ᠠᠭᠠᠵᠢᠮ ᠢᠶᠠᠷ ᠢᠯᠡᠷᠡᠵᠦ ᠂ ᠪᠦᠭᠦ | ᠣᠷᠣᠨ ᠤ ᠪᠣᠳᠣᠯᠲᠠ ᠶᠢᠨ ᠬᠦᠴᠦᠨ ᠤ ᠬᠡᠪᠴᠢᠶ᠎ᠡ 12.6 ᠲᠦᠮᠡᠨ P ᠂ ᠡᠭᠦᠨ ᠳᠤ ᠣᠶᠤᠨᠲᠤ ᠪᠣᠳᠣᠯᠲᠠ ᠶᠢᠨ ᠬᠡᠪᠴᠢᠶ᠎ᠡ 11.6 ᠲᠦᠮᠡᠨ P ᠪᠤᠶ ᠃ 2024 | ᠣᠨ ᠳᠤ ᠰᠦ ᠶᠢᠨ ᠦᠢᠯᠡᠰ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠲᠠᠰ ᠤᠨ | ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ ᠃ | ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠠᠰᠢᠭᠯᠠᠬᠤ ᠶᠢ ᠠᠬᠢᠭᠤᠯᠪᠠ ᠃ ᠪᠢᠳᠡ ︽ ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠂ ᠬᠤᠬᠢᠷᠠᠯ ᠢ ᠪᠠᠭᠠᠰᠬᠠᠬᠤ | ᠪᠣᠯ ᠳᠠᠷᠤᠢ ᠤᠨᠠᠯᠲᠠ ᠶᠢᠨ ᠨᠡᠮᠡᠭᠳᠡᠯ ᠂ ᠬᠤᠷᠣᠭᠳᠠᠯ ᠢ ᠪᠠᠭᠠᠰᠬᠠᠬᠤ ᠪᠣᠯ ᠳᠠᠷᠤᠢ ᠣᠷᠣᠯᠭ᠎ᠠ ᠶᠢᠨ ᠨᠡᠮᠡᠭᠳᠡᠯ ︾ ᠭᠡᠬᠦ ᠲᠠᠨᠢᠯᠲᠠ ᠶᠢ ᠴᠢᠩᠭᠠᠳᠬᠠᠵᠤ ᠂ ︽ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ | ᠡᠷᠴᠢᠮᠵᠢᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ ︾ ᠢ ᠲᠣᠭᠲᠠᠭᠠᠨ ᠨᠡᠶᠢᠲᠡᠯᠡᠵᠦ ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠭᠦᠢᠴᠡᠳᠬᠡᠯ ᠲᠤᠭ᠎ᠠ ᠶᠢ | ᠦᠨᠡᠯᠡᠬᠦ ᠰᠢᠰᠲ᠋ᠧᠮ ᠢ ᠪᠠᠶᠢᠭᠤᠯᠵᠤ ᠂ ᠡᠨᠧᠷᠭᠢ ᠂ ᠤᠰᠤ ᠂ ᠠᠮᠤ ᠪᠤᠳᠠᠭ᠎ᠠ ᠂ ᠭᠠᠵᠠᠷ ᠰᠢᠷᠣᠢ ᠂ ᠠᠭᠤᠷᠬᠠᠢ ᠂ ᠮᠠᠲ᠋ᠧᠷᠢᠶᠠᠯ ᠵᠡᠷᠭᠡ ᠡᠯ᠎ᠡ ᠬᠦᠷᠢᠶᠡᠨ ᠤ ᠠᠷᠪᠢᠯᠠᠯᠲᠠ ᠶᠢ | ᠪᠦᠭᠦ ᠲᠠᠯ᠎ᠠ ᠪᠠᠷ ᠴᠢᠩᠭᠠᠳᠬᠠᠪᠠ ᠃ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠲᠥᠷᠥᠯ ᠵᠦᠢᠯ ᠂ ᠰᠤᠯᠠ ᠪᠠᠶᠢᠭ᠎ᠠ ᠭᠠᠵᠠᠷ ᠰᠢᠷᠣᠢ ᠂ ᠨᠥᠭᠡᠴᠡ ᠪᠡᠯᠡ ᠮᠥᠩᠭᠦ ᠂ ︽ | ᠬᠠᠭᠠᠰ ᠳᠤᠲᠠᠭᠤ ᠤᠷᠭᠢᠬᠰᠠᠨ ︾ ᠪᠠᠷᠢᠯᠭ᠎ᠠ ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ︽ ᠲᠠᠪᠤ ᠶᠢ ᠲᠦᠢᠯᠪᠤᠷᠢᠲᠠᠢ ᠪᠠᠶᠢᠴᠠᠭᠠᠬᠤ ︾ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠡᠭᠦᠨ ᠳᠤ 9326 ᠲᠥᠷᠥᠯ ᠵᠦᠢᠯ ᠢ ᠵᠥᠪᠰᠢᠶᠡᠷᠡᠬᠦ ᠶᠣᠰᠣᠲᠠᠢ ᠶᠢ ᠨᠢ ᠪᠦᠭᠦᠨ ᠢ ᠵᠥᠪᠰᠢᠶᠡᠷᠡᠵᠦ ᠂ ᠵᠥᠪᠰᠢᠶᠡᠷᠡᠭᠰᠡᠨ | ᠪᠠᠶᠢᠲᠠᠯ᠎ᠠ ᠬᠠᠩᠭᠠᠭᠰᠠᠨ ᠦᠭᠡᠢ 53.85 ᠲᠦᠮᠡᠨ ᠮᠦ ᠰᠤᠯᠠ ᠪᠠᠶᠢᠭ᠎ᠠ ᠭᠠᠵᠠᠷ ᠰᠢᠷᠣᠢ ᠶᠢ ᠬᠤᠷᠢᠶᠠᠨ ᠠᠪᠤᠭᠰᠠᠨ ᠪᠠ ᠰᠢᠢᠳᠪᠦᠷᠢᠯᠡᠪᠡ ᠃ 2024 ᠣᠨ ᠳᠤ 11 | ᠳ᠋ᠦᠩᠰᠢᠭᠤᠷ ᠵᠢᠩ ᠠᠴᠠ ᠳᠡᠭᠡᠭᠰᠢ ᠠᠮᠤ ᠪᠤᠳᠠᠭ᠎ᠠ ᠠᠷᠪᠢᠯᠠᠵᠤ ᠂ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 3.8 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠳ᠋ᠷ ᠰᠢᠨ᠎ᠡ ᠪᠠᠷ ᠨᠡᠮᠡᠭᠳᠡᠭᠦᠯᠵᠦ ᠂ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ | ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ ᠃ ︽ ᠤᠰᠤ ᠠᠷᠪᠢᠯᠠᠬᠤ ᠠᠵᠢᠯᠯᠠᠭ᠎ᠠ ︾ ᠶᠢ ᠬᠡᠷᠡᠭᠵᠢᠭᠦᠯᠵᠦ ᠂ ᠡᠨᠡ ᠵᠢᠯ ᠲᠠᠷᠢᠶᠠᠯᠠᠩ ᠤᠨ ᠤᠰᠤ ᠠᠷᠪᠢᠯᠠᠬᠤ | ᠬᠡᠮᠵᠢᠶ᠎ᠡ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 13% ᠠᠴᠠ ᠳᠡᠭᠡᠭᠰᠢ ᠪᠠᠭᠠᠰᠬᠠᠵᠤ ᠂ ᠬᠠᠲᠤᠨ ᠭᠤᠣᠯ ᠳᠠᠭᠠᠤ ᠬᠤᠲᠠ | ᠪᠦᠭᠦᠨ ᠤ ᠤᠰᠤ ᠠᠷᠪᠢᠯᠠᠬᠤ ᠶᠢ ᠪᠠᠷᠢᠮᠵᠢᠶ᠎ᠠ ᠳᠤ ᠬᠦᠷᠭᠡᠬᠦ ᠪᠠᠷ ᠲᠥᠯᠥᠪᠯᠡᠵᠦ ᠪᠠᠶᠢᠨ᠎ᠠ ᠃ | ︽ ᠨᠣᠭᠤᠭᠠᠷᠠᠭᠤᠯᠤᠯᠲᠠ ᠬᠢᠵᠦ ᠠᠯᠲᠠ ᠪᠤᠯᠭᠠᠬᠤ ︾ ᠠᠵᠢᠯ ᠢ ᠰᠠᠶᠢᠲᠤᠷ ᠬᠢᠪᠡ ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ | ᠬᠠᠶᠢᠷᠬᠠᠨ ᠮᠥᠨ ᠂ ᠭᠡᠪᠡᠴᠦ ᠨᠣᠮᠢᠨ ᠤᠰᠤ ᠬᠥᠬᠡᠮᠳᠦᠭ ᠠᠭᠤᠯᠠ ᠨᠢ ᠠᠶᠠᠨᠳᠠᠭᠠᠨ ᠠᠯᠳᠠᠨ ᠠᠭᠤᠯᠠ ᠮᠥᠩᠭᠦᠨ ᠬᠠᠶᠢᠷᠬᠠᠨ ᠪᠣᠯᠣᠨ ᠬᠤᠪᠢᠷᠠᠬᠤ ᠦᠭᠡᠢ ᠶᠤᠮ ᠂ | ᠵᠠᠩᠭᠢᠯᠠᠭ᠎ᠠ ᠨᠢ ︽ ᠨᠣᠭᠤᠭᠠᠷᠠᠭᠤᠯᠤᠯᠲᠠ ᠶᠢ ᠠᠯᠲᠠ ᠪᠤᠯᠭᠠᠬᠤ ︾ ᠴᠢᠳᠠᠪᠤᠷᠢ ᠶᠢ ᠡᠵᠡᠮᠰᠢᠬᠦ ᠳᠤ ᠪᠤᠢ ᠃ ᠪᠢᠳᠡ ︽ ᠠᠯᠳᠠᠨ ᠠᠭᠤᠯᠠ ᠮᠥᠩᠭᠦᠨ ᠬᠠᠶᠢᠷᠬᠠᠨ ︾ ᠢ | ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ ᠂ | ᠴᠡᠴᠡᠭ ᠂ ᠵᠢᠮᠢᠰ ᠂ ᠮᠥᠭᠦ ᠂ ᠡᠮ ᠂ ᠡᠪᠡᠰᠦ ᠵᠡᠷᠭᠡ ᠣᠨᠴᠠᠯᠢᠭᠲᠤ ᠠᠵᠤ ᠦᠢᠯᠡᠰ ᠢ ᠪᠦᠭᠦ ᠬᠦᠴᠦᠨ ᠢᠶᠠᠷ ᠢᠶᠠᠨ ᠪᠤᠶᠢᠵᠢᠭᠤᠯᠤᠨ ᠪᠤᠵᠠᠭᠠᠶᠢᠷᠠᠭᠤᠯᠵᠤ ᠂ 2024 | ᠣᠨ ᠳᠤ ᠪᠦᠭᠦ ᠣᠷᠣᠨ ᠤ ᠣᠶ ᠰᠢᠭᠤᠢ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠪᠦᠭᠦ ᠥᠷᠲᠡᠭ 1013 ᠳ᠋ᠦᠩᠰᠢᠭᠤᠷ ᠲᠥᠭᠦᠷᠢᠭ ᠲᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 16.2% ᠢᠶᠠᠷ ᠨᠡᠮᠡᠭᠳᠡᠵᠦ ᠂ ︽ ᠨᠣᠭᠤᠭᠠᠷᠠᠭᠤᠯᠤᠯᠲᠠ ᠶᠢᠨ ᠬᠡᠮᠵᠢᠶ᠎ᠡ ︾ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ | ︽ ᠠᠯᠲᠠᠨ ᠤ ᠠᠭᠤᠯᠤᠭᠳᠠᠴᠠ ︾ ᠶᠢ ᠨᠡᠮᠡᠭᠳᠡᠭᠦᠯᠪᠡ ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠵᠦ ᠂ ᠠᠮᠢ | ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠂ ᠪᠣᠬᠢᠷᠳᠤᠯ ᠭᠠᠳᠠᠭᠰᠢᠯᠠᠭᠤᠯᠬᠤ ᠡᠷᠬᠡ ᠂ ᠤᠰᠤ ᠬᠡᠷᠡᠭᠯᠡᠬᠦ ᠡᠷᠬᠡ ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ | ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠶᠡᠬᠡᠪᠡᠷ ᠠᠬᠢᠭᠤᠯᠪᠠ ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ | ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠲᠥᠰᠥᠪᠯᠡᠨ ᠪᠠᠶᠢᠭᠤᠯᠵᠤ ᠂ | ᠠᠵᠤ ᠦᠢᠯᠡᠳᠪᠦᠷᠢ ᠶᠢᠨ ᠬᠦᠷᠢᠶᠡᠨ ᠳᠠᠬᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠ ᠪᠠᠷᠢᠯᠭ᠎ᠠ ᠂ ᠵᠠᠮ ᠬᠠᠷᠢᠯᠴᠠᠭ᠎ᠠ ᠵᠡᠷᠭᠡ | ᠬᠦᠷᠢᠶᠡᠨ ᠳᠠᠬᠢ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠶᠢᠨ ᠬᠤᠪᠢᠷᠠᠭᠤᠯᠤᠯᠲᠠ ᠶᠢ ᠬᠦᠴᠦᠯᠡᠨ ᠠᠬᠢᠭᠤᠯᠵᠤ ᠂ ᠡᠨᠧᠷᠭᠢ ᠶᠢᠨ | ᠬᠤᠷᠣᠭᠳᠠᠭᠤᠯᠤᠯ ᠤᠨ ︽ ᠬᠤᠶᠠᠷ ᠢ ᠡᠵᠡᠮᠳᠡᠬᠦ ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ ᠬᠤᠶᠠᠷ ᠢ ᠡᠵᠡᠮᠳᠡᠬᠦ ︾ | ᠲᠡᠶᠢᠰᠢ ᠬᠤᠪᠢᠷᠠᠭᠤᠯᠬᠤ ᠶᠢ ᠠᠬᠢᠭᠤᠯᠪᠠ ᠃ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ ᠂ 2022 | ᠣᠨ ᠠᠴᠠ ᠨᠠᠭᠠᠰᠢ 145 ᠲᠦᠮᠡᠨ ᠲᠣᠨ ᠤ ᠠᠷᠠᠯᠵᠢᠶ᠎ᠠ ᠶᠢ ᠪᠡᠶᠡᠯᠡᠭᠦᠯᠪᠡ ᠃ | ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠨᠢ ᠨᠢᠭᠡ ᠯᠡ ᠡᠳᠦᠷ ᠲᠤ ᠪᠦᠲᠦᠭᠡᠴᠢᠬᠡᠬᠦ ᠶᠠᠪᠤᠳᠠᠯ ᠪᠢᠰᠢ ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠨᠢ ᠴᠦ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠶᠤᠮ ᠃ ᠰᠢᠨ᠎ᠡ ᠠᠶᠠᠨ ᠵᠠᠮ ᠳᠤ ᠂ ᠪᠢᠳᠡ ︽ ᠬᠤᠪᠢᠷᠠᠭᠤᠯᠬᠤ ︾ ᠶᠢ | ᠡᠴᠦᠰ ᠲᠤᠨᠢ ᠲᠤᠯᠲᠠᠯ᠎ᠠ ᠬᠢᠵᠦ ᠂ ᠲᠡᠰᠪᠦᠷᠢ ᠬᠠᠲᠠᠭᠤᠵᠢᠯᠲᠠᠢ ᠪᠠᠷ ᠴᠤᠴᠠᠯᠲᠠ ᠦᠭᠡᠢ ᠤᠷᠤᠭᠰᠢᠯᠠᠵᠤ ᠂ ᠵᠣᠷᠢᠭᠰᠠᠨ ᠳᠠᠭᠠᠨ ᠵᠠᠪᠠᠯ ᠬᠦᠷᠬᠦ ︽ ᠮᠣᠩᠭᠤᠯ ᠮᠣᠷᠢᠨ ᠤ | ᠵᠣᠷᠢᠭ ᠰᠠᠨᠠᠭ᠎ᠠ ︾ ᠪᠣᠯᠣᠨ ᠲᠡᠰᠪᠦᠷᠢ ᠬᠠᠲᠠᠭᠤᠵᠢᠯᠲᠠᠢ ᠲᠡᠮᠡᠴᠡᠵᠦ ᠂ ᠬᠠᠷᠠᠮ ᠦᠭᠡᠢ ᠵᠣᠷᠢᠭᠤᠯᠵᠤ ᠂ ᠰᠢᠨᠲᠠᠷᠠᠰᠢ ᠦᠭᠡᠢ ᠴᠢᠷᠮᠠᠶᠢᠵᠤ ᠂ ᠤᠷᠳᠤ ᠬᠤᠭᠤᠴᠠᠭ᠎ᠠ ᠪᠠᠷ | ᠵᠢᠳᠬᠦᠨ ᠴᠢᠷᠮᠠᠶᠢᠬᠤ ︽ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠶᠢ ᠶᠡᠭᠡ ᠪᠠᠷ ᠪᠠᠳᠠᠷᠠᠭᠤᠯᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ | ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠥᠩᠭᠡ ᠪᠤᠳᠤᠭ ᠢᠶᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤᠨ ᠳᠤ ᠥᠩᠭᠡ ᠪᠤᠳᠤᠭ ᠨᠡᠮᠡᠷᠢᠯᠡᠬᠦ ᠬᠡᠷᠡᠭᠲᠡᠢ ᠃ | ︵ ᠤᠭ ᠵᠣᠬᠢᠶᠠᠯ ᠢ 2025 ᠣᠨ ᠤ 11 ᠳ᠋ᠦ᠋ᠭᠡᠷ ᠬᠤᠭᠤᠴᠠᠭ᠎ᠠ ᠶᠢᠨ ︽ ᠦᠨᠡᠨ ︾ ᠰᠡᠳᠬᠦᠯ ᠳᠤ ᠨᠡᠶᠢᠲᠡᠯᠡᠪᠡ ︶ | | |