| 6 ᠰᠠᠷ᠎ᠠ ᠶᠢᠨ 4 ᠤ ᠡᠳᠦᠷ ᠤᠨ ᠵᠡᠭᠦᠨᠭᠠᠷ ᠠᠭᠤᠳᠠᠮ ᠲᠠᠯᠠᠪᠠᠢ ᠳᠤ ᠬᠠᠯᠠᠭᠤᠨ ᠳᠤᠯᠠᠭᠠᠨᠠᠭᠤᠷ ᠠᠮᠢᠰᠬᠤᠯ ᠪᠠ ᠬᠦᠰᠡᠯ ᠡᠷᠡᠮᠡᠯᠵᠡᠯ ᠢᠶᠠᠷ ᠪᠢᠯᠬᠠᠵᠤ ᠂ ᠠᠳᠡᠬᠢ | ︽ᠬᠠᠶᠢᠷ᠎ᠠ ᠬᠠᠯᠠᠮᠵᠢ ᠪᠠᠷ ᠢᠶᠠᠨ ᠬᠦᠴᠦᠨ ᠨᠡᠮᠡᠷᠢᠯᠡᠵᠦ ᠂ ᠬᠦᠰᠡᠯᠡᠩ ᠳᠤ ᠵᠢᠬᠦᠷ ᠤᠷᠭᠤᠭᠤᠯᠤᠶᠠ︾ ᠭᠡᠬᠦ ᠭᠤᠣᠯ ᠰᠡᠳᠦᠪᠲᠦ ᠬᠠᠶᠢᠷ᠎ᠠ ᠬᠠᠯᠠᠮᠵᠢ ᠶᠢᠨ | ᠰᠢᠯᠭᠠᠯᠲᠠ ᠳᠤ ᠬᠦᠷᠭᠡᠬᠦ ᠂ ᠰᠢᠯᠭᠠᠯᠲᠠ ᠳᠤ ᠲᠤᠰᠠᠯᠠᠬᠤ ᠠᠵᠢᠯᠯᠠᠭ᠎ᠠ ᠦᠪᠡᠳᠡᠭᠰᠢ ᠶᠡᠬᠡᠪᠡᠷ ᠶᠠᠪᠤᠭᠳᠠᠵᠤ ᠂ ᠶᠠᠭ ᠨᠢᠭᠡᠨ ᠳᠤᠯᠠᠭᠠᠨ ᠤᠷᠤᠰᠬᠠᠯ ᠰᠢᠭ᠋ ᠢᠶᠠᠷ ᠶᠡᠭᠡ | ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠠᠶᠠᠨ ᠳᠤ ᠮᠣᠷᠳᠠᠬᠤ ᠭᠡᠵᠦ ᠪᠠᠶᠢᠭ᠎ᠠ ᠰᠤᠷᠤᠭᠴᠢ ᠪᠦᠬᠦᠨ ᠢ ᠳᠤᠯᠠᠭᠠᠴᠠᠭᠤᠯᠤᠨ᠎ᠠ ᠃ | | | | ᠶᠣᠰᠣᠯᠠᠯ ᠤᠨ ᠠᠬᠤᠢ ᠳᠠᠯᠠᠪᠠᠢ ᠳᠤ ᠂ ᠬᠠᠶᠢᠷ᠎ᠠ ᠬᠠᠯᠠᠮᠵᠢ ᠶᠢᠨ ᠰᠢᠯᠭᠠᠯᠲᠠ ᠳᠤ ᠬᠦᠷᠭᠡᠬᠦ ᠲᠤᠰᠬᠠᠢ ᠬᠠᠷᠢᠶᠠᠯᠠᠯ ᠤᠨ ᠲᠡᠮᠳᠡᠭ ᠨᠠᠭᠠᠭᠰᠠᠨ ᠲᠡᠷᠭᠡ ᠮᠠᠰᠢᠨ ᠲᠡᠷᠢ | ᠲᠡᠭᠰᠢ ᠵᠢᠭᠰᠠᠭᠠᠬᠳᠠᠵᠤ ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠂ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ | ᠬᠤᠭᠤᠴᠠᠭᠠᠨ ᠳᠤ ᠥᠷᠭᠡᠨ ᠣᠯᠠᠨ ᠰᠢᠯᠭᠠᠭᠤᠯᠤᠭᠴᠢ ᠳᠤ ᠰᠦᠢᠳᠬᠡᠯ ᠬᠤᠷᠢᠶᠠᠬᠤ ᠦᠭᠡᠢ ᠪᠠᠷ ᠲᠡᠷᠭᠡᠨ ᠳᠤ ᠰᠠᠭᠤᠬᠤ ᠦᠢᠯᠡᠴᠢᠯᠡᠭᠡ ᠬᠠᠩᠭᠠᠵᠤ ᠂ ᠲᠡᠷᠭᠡ ᠨᠢᠭᠡᠪᠦᠷᠢ | ᠨᠢ ᠴᠥᠮ ᠨᠢᠭᠡᠨ ᠬᠠᠶᠢᠷ᠎ᠠ ᠬᠠᠯᠠᠮᠵᠢ ᠬᠦᠷᠭᠡᠬᠦ ᠨᠡᠬᠦᠳᠡᠯ ᠥᠷᠲᠡᠭᠡ ᠪᠤᠯᠵᠤ ᠪᠠᠶᠢᠯ᠎ᠠ ᠃ ᠬᠠᠶᠢᠷ᠎ᠠ ᠬᠠᠯᠠᠮᠵᠢ ᠶᠢᠨ ᠰᠢᠯᠭᠠᠯᠲᠠ ᠳᠤ ᠬᠦᠷᠭᠡᠬᠦ ᠲᠡᠷᠭᠡ ᠠᠮᠤᠷ ᠲᠦᠪᠰᠢᠨ | ᠡᠮᠬᠢ ᠳᠢᠭᠯᠢᠮ ᠲᠠᠢ ᠠᠶᠠᠯᠠᠬᠤ ᠳᠤ ᠥᠷᠭᠡᠨ ᠤᠯᠠᠨ ᠵᠠᠮ ᠬᠠᠷᠢᠯᠴᠠᠭᠠᠨ ᠤ ᠴᠠᠭᠳᠠᠭ᠎ᠠ ᠪᠣᠯᠣᠨ ᠰᠠᠶᠢᠨ ᠳᠤᠷᠠᠴᠤᠤᠯ ᠤᠨ ᠵᠢᠯᠣᠭᠤᠳᠤᠯᠭ᠎ᠠ ᠠᠴᠠ ᠰᠠᠯᠵᠤ ᠴᠢᠳᠠᠬᠤ | ᠦᠭᠡᠢ ᠶᠤᠮ᠂ ᠲᠡᠳᠡ ᠲᠤᠰᠬᠠᠢ ᠮᠡᠷᠭᠡᠵᠢᠯ ᠪᠣᠯᠣᠨ ᠡᠭᠦᠷᠭᠡ ᠬᠠᠷᠢᠭᠤᠴᠠᠯᠭ᠎ᠠ ᠪᠠᠷ ᠢᠶᠠᠨ ᠲᠦᠭ ᠲᠦᠮᠡᠨ ᠰᠤᠷᠤᠭᠴᠢᠳ ᠲᠤ ᠰᠠᠭᠠᠳ ᠦᠭᠡᠢ ᠨᠡᠪᠲᠡᠷᠡᠬᠦ ᠬᠦᠰᠡᠯ | ᠵᠡᠭᠦᠳᠦ ᠪᠠᠨ ᠲᠡᠷᠭᠡᠯᠰᠢᠭᠦᠯᠬᠦ ᠳᠠᠷᠳᠠᠩ ᠵᠠᠮ ᠢ ᠳᠡᠪᠢᠰᠴᠦ ᠥᠭᠬᠦ ᠪᠣᠯᠣᠨ᠎ᠠ᠃ | | | | | ᠣᠶᠢᠯᠠᠭᠠᠭᠰᠠᠨ ᠢᠶᠠᠷ ᠂ ᠲᠣᠰ ᠤᠳᠠᠭᠠᠨ ᠤ ᠬᠠᠶᠢᠷ᠎ᠠ ᠬᠠᠯᠠᠮᠵᠢ ᠶᠢᠨ ᠰᠢᠯᠭᠠᠯᠲᠠ ᠳᠤ ᠬᠦᠷᠭᠡᠬᠦ ᠂ ᠰᠢᠯᠭᠠᠯᠳᠠ ᠳᠤ ᠳᠤᠰᠠᠯᠠᠬᠤ ᠠᠵᠢᠯᠯᠠᠭ᠎ᠠ ᠶᠢ ᠵᠡᠭᠦᠨᠭᠠᠷ | ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠲᠥᠪ ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠂ ᠣᠷᠳᠣᠰ | ᠬᠤᠲᠠ ᠶᠢᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠲᠥᠪ ᠤᠨ ᠵᠡᠭᠦᠨᠭᠠᠷ ᠬᠤᠰᠢᠭᠤᠨ ᠤ ᠬᠤᠪᠢᠶᠠᠷᠢ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ ᠡᠷᠭᠢᠯᠡᠨ᠎ᠡ ︔ | ᠵᠡᠭᠦᠨᠭᠠᠷ ᠬᠤᠰᠢᠭᠤᠨ ᠤ ᠴᠧᠨ ᠱᠧᠩ ᠲᠦᠷᠢᠶᠡᠰᠦᠨ ᠮᠠᠰᠢᠨ ᠲᠡᠷᠭᠡᠨ ᠤ ᠺᠣᠮᠫᠠᠨᠢ ᠂ ᠵᠡᠭᠦᠨᠭᠠᠷ ᠬᠤᠰᠢᠭᠤᠨ ᠤ ᠷᠦᠩ ᠶᠣᠣ ᠤᠮᠠᠷᠠᠲᠤ ᠬᠢᠯᠢ ᠶᠢᠨ ᠴᠡᠷᠢᠭ ᠠᠴᠠ | ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠂ ᠵᠡᠭᠦᠨᠭᠠᠷ ᠬᠤᠰᠢᠭᠤᠨ ᠤ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠂ | ᠵᠡᠭᠦᠨᠭᠠᠷ ᠤᠨ ᠪᠠᠢ ᠭᠧ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠠᠴᠠ ᠳᠠᠭᠠᠭᠠᠨ | ᠡᠷᠭᠢᠯᠡᠬᠦ ᠪᠤᠯᠤᠨ᠎ᠠ ᠃ ᠰᠢᠯᠭᠠᠯᠲᠠ ᠳᠤ ᠬᠦᠷᠭᠡᠬᠦ ᠦᠢᠯᠡᠴᠢᠯᠡᠭᠡ ᠳᠤ ᠣᠷᠣᠯᠴᠠᠭᠰᠠᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠲᠡᠷᠭᠡ ᠨᠡᠶᠢᠲᠡ 130 ᠭᠠᠷᠤᠢ | ᠪᠠᠶᠢᠵᠤ ᠂ ᠰᠢᠯᠭᠠᠭᠤᠯᠤᠭᠴᠢ ᠳᠤ ᠭᠡᠷ ᠪᠤᠶᠤ ᠵᠣᠴᠢᠳ ᠤᠨ ᠪᠠᠭᠤᠳᠠᠯ ᠠᠴᠠ ᠰᠢᠯᠭᠠᠯᠲᠠ ᠶᠢᠨ ᠴᠡᠭ ᠲᠤ ᠬᠦᠷᠬᠦ ᠲᠤᠰᠴᠤ ᠬᠦᠷᠭᠡᠬᠦ ᠦᠢᠯᠡᠴᠢᠯᠡᠭᠡ ᠬᠠᠩᠭᠠᠭᠰᠠᠨ | ᠪᠠᠶᠢᠨ᠎ᠠ ᠃ | | | | | ᠡᠨᠡᠬᠦ ᠬᠦᠰᠡᠯ ᠡᠷᠡᠮᠡᠯᠵᠡᠯ ᠢᠶᠠᠷ ᠪᠢᠯᠬᠠᠭᠰᠠᠨ ᠵᠢᠷᠭᠤᠭᠠᠨ ᠰᠠᠷ᠎ᠠ ᠳᠤ ᠂ ᠵᠡᠭᠦᠨᠭᠠᠷ ᠬᠤᠰᠢᠭᠤᠨ ᠤ ᠬᠢᠨ ᠬᠠᠶᠢᠷ᠎ᠠ ᠰᠡᠳᠬᠢᠯᠭᠡ ᠪᠠᠷ ᠢᠶᠠᠨ ᠬᠦᠴᠦᠷᠬᠡᠭ ᠶᠡᠭᠡ ᠬᠦᠴᠦᠨ | ᠴᠢᠳᠠᠯ ᠢ ᠨᠢᠭᠲᠠᠷᠠᠭᠤᠯᠤᠨ᠂ ᠬᠦᠰᠡᠯ ᠵᠡᠭᠦᠳᠦ ᠪᠠᠨ ᠬᠠᠮᠠᠭᠠᠯᠠᠵᠤ ᠂ 2013 ᠣᠨ ᠠᠴᠠ ᠡᠬᠢᠯᠡᠨ ᠬᠠᠶᠢᠷ᠎ᠠ ᠬᠠᠯᠠᠮᠵᠢ ᠶᠢᠨ ᠰᠢᠯᠭᠠᠯᠲᠠ ᠳᠤ ᠬᠦᠷᠭᠡᠬᠦ ᠂ ᠰᠠᠶᠢᠨ | ᠳᠤᠷ᠎ᠠ ᠶᠢᠨ ᠰᠢᠯᠭᠠᠯᠲᠠ ᠳᠤ ᠲᠤᠰᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠂ ᠡᠨᠡ ᠤᠳᠠᠭ᠎ᠠ ᠶᠢᠨ 12 ᠵᠢᠯ ᠦᠷᠭᠦᠯᠵᠢᠯᠡᠭᠰᠡᠨ ᠬᠠᠯᠠᠭᠤᠨ ᠳᠣᠲᠣᠨᠣ | ᠪᠣᠯᠵᠤᠭ᠎ᠠ ᠪᠣᠯ ᠪᠦᠬᠦ ᠬᠤᠰᠢᠭᠤᠨ ᠤ ᠠᠷᠠᠳ ᠲᠦᠮᠡᠨ ᠤ ᠦᠢ ᠤᠯᠠᠨ ᠰᠤᠷᠤᠭᠴᠢᠳ ᠲᠤ ᠵᠣᠷᠢᠭᠤᠯᠤᠭᠰᠠᠨ ᠰᠠᠭᠠᠳ ᠦᠭᠡᠢ ᠵᠠᠮ ᠪᠣᠯᠬᠤ ᠪᠥᠭᠡᠳ ᠨᠡᠩ ᠴᠤ | ᠰᠤᠷᠤᠭᠴᠢᠳ ᠲᠤ ᠰᠠᠶᠢᠨ ᠰᠠᠶᠢᠬᠠᠨ ᠬᠦᠰᠡᠯ ᠵᠥᠩᠨᠡᠯ ᠪᠣᠯᠣᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠴᠢᠶᠠᠯᠠᠵᠤ ᠪᠠᠶᠢᠭ᠎ᠠ ᠶᠤᠮ᠃ ᠰᠢᠷ᠎ᠠ ᠲᠣᠷᠭᠠᠨ | ᠪᠦᠴᠡ ᠶᠢᠨ ᠨᠠᠮᠢᠷᠠᠭᠰᠠᠨ ᠭᠠᠵᠠᠷ ᠨᠢ ᠴᠥᠮ ᠠᠯᠲᠠᠨ ᠰᠠᠮᠪᠠᠷ᠎ᠠ ᠶᠢᠨ ᠨᠡᠷᠡᠰ ᠤᠨ ᠵᠢᠭᠰᠠᠭᠠᠯᠲᠠ ᠶᠢᠨ ᠦᠶ᠎ᠡ ᠪᠣᠯᠬᠤ ᠶᠢ ᠬᠦᠰᠡᠶ᠎ᠡ︕ | ᠰᠢᠯᠭᠠᠯᠲᠠ ᠶᠢᠨ ᠬᠤᠭᠤᠴᠠᠭᠠᠨ ᠳᠤ ᠂ ᠬᠠᠶᠢᠷ᠎ᠠ ᠬᠠᠯᠠᠮᠵᠢ ᠶᠢᠨ ᠰᠢᠯᠭᠠᠯᠲᠠ ᠳᠤ ᠬᠦᠷᠭᠡᠬᠦ ᠲᠡᠷᠭᠡᠨ ᠠᠩᠭᠢ ᠲᠣᠭᠤᠷᠢᠨ ᠵᠤᠭᠠᠴᠠᠬᠤ ᠪᠠ ᠤᠷᠢᠳᠴᠢᠯᠠᠨ ᠪᠣᠯᠵᠣᠬᠤ | ᠬᠡᠯᠪᠡᠷᠢ ᠪᠠᠷ ᠰᠢᠯᠭᠠᠭᠤᠯᠤᠭᠴᠢ ᠶᠢ ᠲᠤᠰᠴᠤ ᠬᠦᠷᠭᠡᠨ᠎ᠡ ᠂ ᠰᠢᠯᠭᠠᠭᠤᠯᠤᠭᠴᠢ ᠰᠢᠷ᠎ᠠ ᠲᠣᠷᠭᠠᠨ ᠪᠦᠴᠡ ᠲᠠᠢ ᠲᠡᠷᠭᠡ ᠶᠢ ᠣᠯᠵᠤ ᠦᠵᠡᠪᠡᠯ ᠬᠡᠵᠢᠶ᠎ᠡ ᠴᠦ ᠬᠠᠰᠢᠵᠤ | ᠵᠣᠭᠰᠣᠭᠠᠵᠤ ᠪᠣᠯᠣᠨ᠎ᠠ ᠂ ᠲᠡᠷᠭᠡᠨ ᠠᠩᠭᠢ ᠰᠦᠢᠳᠬᠡᠯ ᠬᠤᠷᠢᠶᠠᠬᠤ ᠦᠭᠡᠢ ᠪᠠᠷ ᠰᠢᠯᠭᠠᠭᠤᠯᠤᠭᠴᠢ ᠶᠢ ᠲᠤᠰᠴᠤ ᠬᠦᠷᠭᠡᠨ᠎ᠡ ᠄ | ᠵᠡᠭᠦᠨᠭᠠᠷ ᠬᠤᠰᠢᠭᠤᠨ ᠤ ᠴᠧᠨ ᠱᠧᠩ ᠮᠠᠰᠢᠨ ᠲᠡᠷᠭᠡ ᠲᠦᠷᠢᠶᠡᠰᠦᠯᠡᠬᠦ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠵᠡᠭᠦᠨᠭᠠᠷ ᠬᠤᠰᠢᠭᠤᠨ ᠤ | ᠰᠢᠩ ᠹᠠ ᠮᠠᠰᠢᠨ ᠲᠡᠷᠭᠡᠨ ᠤ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠠᠷᠢᠯᠴᠠᠬᠤ ᠬᠥᠮᠥᠨ ᠄ ᠦ᠋ ᠮᠧᠶ ᠴᠢᠩ 13948770999 | ᠵᠡᠭᠦᠨᠭᠠᠷ ᠯᠧᠢ ᠹᠧᠩ ᠲᠡᠷᠭᠡᠨ ᠠᠩᠭᠢ ᠶᠢᠨ ᠰᠠᠶᠢᠨ ᠳᠤᠷᠠᠴᠤᠤᠯ ᠤᠨ ᠨᠡᠶᠢᠭᠡᠮᠯᠢᠭ | ᠬᠠᠷᠢᠯᠴᠠᠬᠤ ᠬᠥᠮᠥᠨ ᠄ ᠯᠢ ᠶᠦᠩ ᠹᠧᠩ 13514879862 | ᠵᠡᠭᠦᠨᠭᠠᠷ ᠬᠤᠰᠢᠭᠤᠨ ᠤ ᠳ᠋ᠠ ᠯᠢ ᠮᠠᠰᠢᠨ ᠲᠡᠷᠭᠡ ᠲᠦᠷᠢᠶᠡᠰᠦᠯᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠬᠠᠷᠢᠯᠴᠠᠬᠤ ᠬᠥᠮᠥᠨ ᠄ ᠸᠠᠩ ᠰᠢᠸ ᠯᠢᠨ 13474880288 | ᠪᠣᠯᠵᠣᠬᠤ ᠴᠠᠭ ᠄ 8 ᠄ 00 ︱ 20 ᠄ 00 | ᠪᠣᠯᠵᠤᠭ᠎ᠠ ᠳᠠᠭᠤᠰᠬᠤ ᠴᠠᠭ ᠄ 6 ᠰᠠᠷ᠎ᠠ ᠶᠢᠨ 6 ᠤ ᠡᠳᠦᠷ ᠤᠨ 13 ᠄ 00 | |