| ᠣᠶᠢᠷ᠎ᠠ ᠳᠤ ᠂ ᠵᠡᠭᠦᠨᠭᠠᠷ ᠬᠤᠰᠢᠭᠤᠨ ᠤ ᠳ᠋ᠠ ᠯᠦ ᠰᠢᠨ᠎ᠡ ᠲᠣᠭᠤᠷᠢᠭ ᠤᠨ ᠵᠠᠰᠠᠭ ᠵᠠᠬᠢᠷᠭᠠᠨ ᠤ ᠲᠥᠪ ᠤᠨ 6 ᠳ᠋ᠤᠭᠠᠷ ᠨᠤᠮᠧᠷᠳᠤ ᠠᠰᠠᠷ ᠤᠨ ᠬᠤᠶᠢᠲᠤ | ᠲᠠᠯ᠎ᠠ ᠳᠤ ᠪᠠᠶᠢᠭ᠎ᠠ ᠥᠪᠥᠷ ᠮᠣᠩᠭᠤᠯ ᠤᠨ ᠵᠡᠭᠦᠨᠭᠠᠷ ᠬᠤᠰᠢᠭᠤᠨ ᠤ ᠬᠡᠷᠡᠯ ᠴᠡᠨᠡᠭ ᠨᠦᠬᠡᠴᠡᠯᠡᠬᠦ ᠴᠡᠨᠡᠭᠯᠡᠬᠦ ᠵᠢᠱᠢᠶ᠎ᠡ ᠦᠵᠡᠭᠦᠯᠬᠦ ᠥᠷᠲᠡᠭᠡ ᠶᠢ ᠨᠢᠭᠡᠨᠲᠡ ᠪᠠᠶᠢᠭᠤᠯᠵᠤ | ᠳᠠᠭᠤᠰᠬᠠᠭᠠᠳ ᠂ ᠲᠣᠨᠤᠭ ᠲᠥᠬᠦᠭᠡᠷᠦᠮᠵᠢ ᠶᠢ ᠶᠠᠭᠠᠷᠠᠯᠲᠠᠢ ᠲᠤᠷᠰᠢᠨ ᠲᠣᠬᠢᠷᠠᠭᠤᠯᠵᠤ ᠂ ᠤᠳᠠᠯ ᠦᠭᠡᠢ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ ᠃ | | | | ᠲᠤᠰ ᠵᠢᠱᠢᠶ᠎ᠡ ᠦᠵᠡᠭᠦᠯᠬᠦ ᠦᠷᠳᠡᠭᠡ ᠪᠣᠯ ᠪᠦᠬᠦ ᠬᠤᠳᠡ ᠶᠢᠨ ᠠᠩᠬᠠᠳᠠᠭᠴᠢ ︽ ᠬᠡᠷᠡᠯ ᠴᠡᠨᠡᠭ ᠨᠦᠬᠡᠴᠡᠯᠡᠬᠦ ᠴᠡᠨᠡᠭᠯᠡᠬᠦ ︾ ᠶᠢ ᠨᠢᠭᠡ ᠴᠣᠭᠴᠠᠵᠢᠭᠤᠯᠤᠭᠰᠠᠨ | ᠰᠢᠢᠳᠪᠦᠷᠢᠯᠡᠬᠦ ᠲᠥᠰᠥᠯ ᠢ ᠬᠡᠷᠡᠭᠯᠡᠭᠰᠡᠨ ᠴᠠᠬᠢᠯᠭᠠᠨ ᠴᠡᠨᠡᠭᠯᠡᠬᠦ ᠦᠷᠳᠡᠭᠡ ᠪᠣᠯᠣᠨ᠎ᠠ᠃ ᠲᠡᠭᠦᠨ ᠤ ᠰᠢᠨ᠎ᠡ ᠶᠢ ᠡᠭᠦᠳᠦᠭᠰᠡᠨ ᠭᠠᠵᠠᠷ ᠨᠢ ᠭᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠂ ᠡᠨᠧᠷᠭᠢ ᠬᠠᠳᠠᠭᠠᠯᠠᠬᠤ ᠰᠢᠰᠲ᠋ᠧᠮ ᠪᠣᠯᠣᠨ ᠣᠶᠤᠨᠴᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠭᠤᠷᠪᠠ ᠶᠢ ᠤᠷᠠᠨ ᠢᠶᠠᠷ ᠣᠷᠭᠠᠨᠢᠭ ᠢᠶᠠᠷ | ᠠᠭᠤᠰᠤᠯᠴᠠᠭᠤᠯᠵᠤ ᠂ ᠨᠡᠷᠡᠨ ᠤ ᠡᠨᠧᠷᠭᠢ ᠶᠢ ᠠᠰᠢᠭᠯᠠᠨ ᠴᠡᠪᠡᠷ ᠡᠨᠧᠷᠭᠢ ᠶᠢᠨ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠶᠢ ᠪᠡᠶᠡᠯᠡᠭᠦᠯᠵᠦ ᠂ ᠥᠨᠳᠥᠷ | ᠪᠦᠲᠦᠮᠵᠢᠲᠡᠢ ᠂ ᠣᠷᠴᠢᠨ ᠲᠣᠭᠤᠷᠢᠨ ᠢ ᠬᠠᠮᠠᠭᠠᠯᠠᠬᠤ ᠂ ᠣᠶᠤᠨᠴᠢ ᠡᠨᠧᠷᠭᠢ ᠶᠢᠨ ᠪᠢᠲᠡᠭᠦᠦ ᠴᠠᠭᠠᠷᠢᠭ ᠤᠨ ᠰᠢᠰᠲ᠋ᠧᠮ ᠢ ᠪᠦᠷᠢᠯᠳᠦᠭᠦᠯᠦᠭᠰᠡᠨ ᠳᠤ ᠪᠤᠢ᠃ ᠵᠢᠱᠢᠶ᠎ᠡ | ᠦᠵᠡᠭᠦᠯᠬᠦ ᠥᠷᠲᠡᠭᠡᠨ ᠤ ᠬᠡᠷᠡᠯ ᠢᠶᠠᠷ ᠴᠠᠬᠢᠯᠭᠠᠨ ᠭᠠᠷᠭᠠᠬᠤ ᠲᠣᠨᠣᠭᠯᠠᠯ ᠤᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 80.85 kW ᠪᠠᠶᠢᠵᠤ ᠂ | ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 11.8 ᠲᠦᠮᠡᠨ kW.h ᠪᠠᠶᠢᠵᠤ ᠂ ᠵᠢᠯ ᠪᠦᠷᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 118. | 041 ᠲᠣᠨ ᠪᠠᠭᠠᠰᠬᠠᠬᠤ ᠪᠣᠯᠣᠨ᠎ᠠ ᠃ ᠡᠨᠧᠷᠭᠢ ᠬᠠᠳᠠᠭᠠᠯᠠᠬᠤ ᠬᠠᠶᠢᠷᠴᠠᠭ ᠤᠨ ᠭᠤᠣᠯ ᠮᠠᠰᠢᠨ ᠤ ᠴᠢᠳᠠᠮᠵᠢ ᠨᠢ 720kW ᠪᠠᠶᠢᠵᠤ ᠂ ᠬᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠠᠴᠠ ᠡᠭᠦᠰᠦᠭᠰᠡᠨ ᠢᠯᠡᠭᠦᠴᠡ ᠴᠠᠬᠢᠯᠭᠠᠨ ᠤ ᠬᠡᠮᠵᠢᠶ᠎ᠡ ᠶᠢ ᠪᠦᠲᠦᠮᠵᠢᠲᠡᠶ ᠬᠠᠳᠠᠭᠠᠯᠠᠵᠤ ᠂ ᠵᠢᠱᠢᠶ᠎ᠡ ᠦᠵᠡᠭᠦᠯᠬᠦ ᠥᠷᠲᠡᠭᠡ ᠶᠢᠨ ᠰᠥᠨᠢ ᠪᠤᠶᠤ | ᠪᠣᠷᠣᠭᠠᠨ ᠴᠠᠰᠤ ᠲᠠᠢ ᠴᠠᠭ ᠠᠭᠤᠷ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ ᠴᠢᠳᠠᠨ᠎ᠠ ᠃ ᠥᠷᠲᠡᠭᠡᠨ ᠳᠤ 4 ᠰᠠᠭᠤᠷᠢ ᠬᠤᠸᠠ ᠸᠧᠢ ᠶᠢᠨ | ᠪᠥᠬᠦ ᠰᠢᠩᠭᠡᠨ ᠢᠶᠠᠷ ᠬᠥᠷᠥᠭᠡᠵᠦ ᠬᠡᠲᠦ ᠳᠦᠭᠦᠷᠭᠡᠭᠰᠡᠨ ᠱᠣᠩ ᠲᠠᠭᠠᠷᠠᠭᠤᠯᠵᠤ ᠂ ᠣᠷᠭᠢᠯ ᠬᠡᠮᠵᠢᠭᠳᠡᠯ ᠤᠨ ᠴᠢᠳᠠᠮᠵᠢ ᠨᠢ 600kW ᠲᠤ ᠬᠦᠷᠴᠦ ᠂ ᠨᠢᠭᠡ | ᠲᠡᠷᠭᠡ ᠳᠦᠭᠦᠷᠭᠡᠬᠦ ᠳᠤ ᠪᠠᠷᠤᠭ 10 ᠮᠢᠨᠦ᠋ᠲ ᠣᠷᠴᠢᠮ ᠬᠡᠷᠡᠭᠰᠡᠨ᠎ᠡ ︔ ᠡᠭᠦᠨ ᠠᠴᠠ ᠭᠠᠳᠠᠨ᠎ᠠ ᠪᠠᠰᠠ 8 ᠤᠷᠬᠢᠯ ᠬᠡᠮᠵᠢᠭᠳᠡᠯ ᠤᠨ ᠴᠢᠳᠠᠯ ᠨᠢ 250kW ᠲᠤ | ᠬᠦᠷᠬᠦ ᠬᠤᠸᠠ ᠸᠧᠢ ᠶᠢᠨ ᠡᠩ ᠤᠨ ᠲᠦᠷᠭᠡᠨ ᠴᠡᠨᠡᠭᠯᠡᠬᠦ ᠪᠠᠭᠠᠨ᠎ᠠ ᠲᠠᠢ ᠪᠠᠶᠢᠵᠤ ᠂ ᠨᠢᠭᠡ ᠲᠡᠷᠭᠡ ᠶᠢ ᠳᠦᠭᠦᠷᠭᠡᠬᠦ ᠳᠤ ᠪᠠᠷᠤᠭ 30 ᠮᠢᠨᠦ᠋ᠲ ᠤᠨ ᠴᠠᠭ ᠬᠡᠷᠡᠭᠰᠡᠨ᠎ᠡ᠃ | ᠥᠷᠲᠡᠭᠡᠨ ᠳᠤ 20 ᠴᠠᠬᠢᠯᠭᠠᠨ ᠴᠡᠨᠡᠭᠯᠡᠬᠦ ᠪᠠᠶᠢᠷᠢ ᠪᠠᠶᠢᠭᠤᠯᠤᠭᠰᠠᠨ ᠪᠥᠭᠡᠳ 20 ᠲᠡᠷᠭᠡ ᠶᠢ 24 ᠴᠠᠭ ᠢᠶᠠᠷ ᠲᠠᠰᠤᠷᠠᠯ ᠦᠭᠡᠢ ᠴᠠᠬᠢᠯᠭᠠᠨ ᠴᠡᠨᠡᠭᠯᠡᠬᠦ ᠶᠢ ᠬᠠᠮᠲᠤ | ᠳᠤᠨᠢ ᠬᠠᠩᠭᠠᠵᠤ ᠲᠠᠶᠢᠯᠤᠨ᠎ᠠ ᠃ | | | | ︽ᠬᠡᠷᠡᠯ ᠴᠡᠨᠡᠭ ᠨᠦᠭᠡᠴᠡᠯᠡᠬᠦ ᠴᠡᠨᠡᠭᠯᠡᠬᠦ ᠵᠢᠱᠢᠶ᠎ᠡ ᠦᠵᠡᠭᠦᠯᠬᠦ ᠦᠷᠳᠡᠭᠡ ᠶᠢ ᠪᠠᠶᠢᠭᠤᠯᠤᠭᠰᠠᠨ ᠨᠢ ᠮᠠᠰᠢ ᠤᠯᠠᠨ ᠳᠠᠪᠠᠭᠤᠯᠢᠭ ᠲᠠᠢ ᠶᠤᠮ᠂ ᠨᠢᠭᠡ ᠲᠠᠯ᠎ᠠ ᠪᠠᠷ ᠬᠡᠷᠡᠯ | ᠴᠡᠨᠡᠭ ᠢᠶᠠᠷ ᠴᠠᠬᠢᠯᠭᠠᠨ ᠭᠠᠷᠭᠠᠬᠤ ᠮᠡᠷᠭᠡᠵᠢᠯ ᠢᠶᠠᠷ ᠨᠡᠷᠡᠨ ᠤ ᠡᠨᠧᠷᠭᠢ ᠶᠢ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠤᠭᠰᠠᠨ ᠨᠢ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠦᠭᠰᠡᠨ ᠢᠶᠠᠷ ᠦᠯᠤ ᠪᠠᠷᠠᠨ ᠪᠠᠰᠠ ᠴᠠᠬᠢᠯᠭᠠᠨ ᠲᠣᠣᠷ ᠤᠨ ᠳᠠᠷᠤᠯᠲᠠ ᠶᠢ ᠬᠥᠩᠭᠡᠷᠡᠭᠦᠯᠵᠦ ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠲᠣᠭᠲᠠᠭᠤᠨ | ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠪᠥᠭᠡᠳ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ ᠨᠡᠩ ᠢᠯᠡᠭᠦᠦ ᠣᠷᠴᠢᠨ ᠲᠣᠭᠤᠷᠢᠨ ᠢ ᠬᠠᠮᠠᠭᠠᠯᠠᠬᠤ ᠪᠠ ᠥᠨᠳᠥᠷ | ᠪᠦᠲᠦᠮᠵᠢᠲᠡᠢ ᠴᠠᠬᠢᠯᠭᠠᠨ ᠴᠡᠨᠡᠭᠯᠡᠬᠦ ᠦᠢᠯᠡᠴᠢᠯᠡᠭᠡ ᠬᠠᠩᠭᠠᠬᠤ ᠳᠤ ᠠᠰᠢᠭᠲᠠᠢ ᠶᠤᠮ᠃ ᠨᠥᠭᠦᠭᠡ ᠲᠠᠯ᠎ᠠ ᠪᠠᠷ ᠤᠯᠠᠮᠵᠢᠯᠠᠯᠲᠤ ᠨᠡᠬᠦᠷᠡᠰᠤᠨ ᠰᠢᠲᠠᠭᠠᠯᠭ᠎ᠠ ᠶᠢᠨ | ᠡᠨᠧᠷᠭᠢ ᠶᠢᠨ ᠰᠤᠷᠪᠤᠯᠵᠢ ᠳᠤ ᠲᠦᠰᠢᠭᠯᠡᠬᠦ ᠶᠢ ᠪᠠᠭᠠᠰᠬᠠᠵᠤ ᠂ ᠰᠢᠨ᠎ᠡ ᠡᠨᠧᠷᠭᠢ ᠶᠢᠨ ᠲᠡᠷᠭᠡᠨ ᠳᠤ ᠴᠡᠪᠡᠷ ᠡᠨᠧᠷᠭᠢ ᠶᠢᠨ ᠴᠠᠬᠢᠯᠭᠠᠨ ᠴᠡᠨᠡᠭᠯᠡᠬᠦ ᠶᠢ ᠦᠨᠡᠨ ᠬᠦ | ᠪᠡᠶᠡᠯᠡᠭᠦᠯᠵᠦ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠪᠠ ᠣᠷᠴᠢᠨ ᠳᠤᠭᠤᠷᠢᠨ ᠤ ᠪᠣᠬᠢᠷᠲᠤᠯ ᠢ ᠪᠠᠭᠠᠰᠬᠠᠨ ᠂ ᠦᠷᠭᠦᠯᠵᠢᠯᠡᠬᠦ ᠬᠥᠭᠵᠢᠯᠲᠡ ᠶᠢ | ᠠᠬᠢᠭᠤᠯᠬᠤ ᠪᠣᠯᠣᠨ᠎ᠠ ︾ ᠭᠡᠵᠦ ᠵᠡᠭᠦᠨᠭᠠᠷ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠯᠪᠠᠨ ᠶᠠᠪᠤᠳᠠᠯ ᠳᠤ ᠬᠡᠷᠡᠭᠯᠡᠬᠦ | ᠲᠡᠷᠭᠡ ᠶᠢᠨ ᠲᠠᠰᠤᠭ ᠤᠨ ᠳᠠᠷᠤᠭ᠎ᠠ ᠾᠧ ᠴᠦᠨ ᠯᠦᠩ ᠢᠯᠡᠷᠬᠡᠶᠢᠯᠡᠨᠠ᠃ | | | | | | |