| | 6 ᠰᠠᠷ᠎ᠠ ᠶᠢᠨ 8 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠪᠠ ᠰᠢᠦᠸᠠᠢ ᠵᠢᠶᠠ ᠸᠠᠨ ᠪᠠᠯᠭᠠᠰᠤᠨ ᠳᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ | ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠯ ᠤᠨ ᠭᠡᠷᠡᠭ ᠢ ᠰᠢᠢᠳᠪᠦᠷᠢᠯᠡᠬᠦ ᠠᠵᠢᠯ ᠢ ᠠᠬᠤᠢ ᠲᠠᠯᠠᠪᠠᠢ ᠳᠤ | ᠱᠠᠯᠠᠪᠳᠠᠭᠤᠯᠤᠨ ᠵᠢᠯᠣᠭᠤᠳᠴᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠂ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠳᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠪᠠᠷ | ᠠᠵᠠ ᠲᠣᠬᠢᠶᠠᠯ ᠪᠣᠯᠭᠠᠵᠤ ᠂ ᠵᠡᠭᠦᠨᠭᠠᠷ ᠬᠤᠰᠢᠭᠤᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠬᠠᠷᠢᠯᠴᠠᠨ | ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠢ ᠪᠠᠶᠢᠩᠭᠤ ᠪᠥᠭᠡᠳ ᠤᠷᠳᠤ ᠬᠤᠭᠤᠴᠠᠭ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠵᠢᠷᠤᠭ ᠄ 6 ᠰᠠᠷ᠎ᠠ ᠶᠢᠨ 8 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠤᠨ ᠴᠠᠩ ᠱᠧᠩ ᠳ᠋ᠢᠶᠠᠨ ᠲᠣᠰᠬᠤᠨ ᠳᠤ ᠂ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ | ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠭ᠎ᠠ ᠨᠢ ᠃ | ᠶᠤᠸᠠᠢ ᠴᠧᠨ ᠶᠠᠨᠰᠡᠭᠦᠳᠡᠷᠯᠡᠪᠡ | ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠬᠢᠷᠠᠭᠤᠯᠤᠨ ᠵᠢᠯᠤᠭᠤᠳᠬᠤ ᠲᠥᠪ ᠲᠤ ᠂ ᠸᠠᠩ ᠭᠦᠸᠧ ᠴᠢᠦᠸᠠᠨ ᠵᠠᠬᠢᠳᠠᠯ ᠰᠣᠷᠪᠤᠯᠵᠢᠯᠠᠯ ᠤᠨ ᠬᠡᠷᠡᠭ ᠢ | ᠰᠢᠢᠳᠪᠦᠷᠢᠯᠡᠭᠰᠡᠨ ᠪᠠᠶᠢᠳᠠᠯ ᠢ ᠣᠶᠢᠯᠠᠭᠠᠵᠤ ᠂ ᠨᠠᠷᠢᠨ ᠬᠢᠨᠠᠮᠠᠭᠠᠢ ᠵᠠᠳᠠᠯᠤᠨ ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠬᠡᠷᠡᠭ ᠢ ᠬᠠᠷᠭᠤᠭᠤᠯᠤᠨ | ᠪᠠᠶᠢᠴᠠᠭᠠᠬᠤ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠤ ᠂ ᠠᠵᠢᠯᠲᠠᠳ ᠢ ᠲᠣᠬᠤᠨᠢᠭᠤᠯᠵᠤ ᠪᠠᠶᠢᠬᠤ ᠪᠠᠨ | ᠢᠯᠡᠳᠬᠡᠪᠡ ᠃ | | ᠵᠢᠷᠤᠭ ᠄ 6 ᠰᠠᠷ᠎ᠠ ᠶᠢᠨ 8 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠲᠠᠢ ᠢᠦᠢ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠳᠤ ᠪᠣᠬᠢᠷ ᠤᠰᠤ ᠶᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠭ᠎ᠠ ᠨᠢ ᠃ ᠵᠠᠩ ᠬᠤᠩ ᠮᠢᠨ ᠰᠡᠭᠦᠳᠡᠷᠯᠡᠪᠡ | ᠲᠠᠢ ᠢᠦᠢ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠂ ᠸᠠᠩ ᠭᠦᠸᠧ ᠴᠢᠦᠸᠠᠨ ᠪᠣᠬᠢᠷ ᠤᠰᠤᠨ ᠤ ᠦᠢᠯᠡᠳᠪᠦᠷᠢ ᠶᠢᠨ ᠤᠷ᠎ᠠ ᠮᠡᠷᠭᠡᠰᠢᠯ ᠤᠨ ᠶᠠᠪᠤᠴᠠ᠂ | ᠠᠵᠢᠯᠯᠠᠭᠠᠨ ᠤ ᠬᠠᠮᠢᠶᠠᠷᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ ᠂ ᠲᠤᠨᠤᠭ ᠲᠥᠬᠦᠭᠡᠷᠦᠮᠵᠢ ᠶᠢᠨ ᠬᠠᠮᠠᠭᠠᠯᠠᠯᠲᠠ ᠪᠣᠯᠣᠨ ᠮᠡᠷᠭᠡᠵᠢᠯ ᠤᠨ ᠰᠢᠨᠡᠴᠢᠯᠡᠯᠲᠡ ᠶᠢ | ᠰᠠᠶᠢᠲᠤᠷ ᠬᠢᠬᠦ ᠂ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠴᠢᠬᠤᠯᠠᠴᠢᠯᠠᠭᠰᠠᠨ ᠪᠠᠶᠢᠨ᠎ᠠ᠃ | ᠵᠡᠬᠦᠠᠭᠠᠷ ᠡᠨᠧᠷᠭᠢ ᠶᠢᠨ ᠪᠦᠯᠦᠭᠯᠡᠯ ᠤᠨ ᠨᠡᠭᠦᠷᠡᠰᠦᠨ ᠴᠢᠯᠠᠭᠤ ᠶᠢᠨ ᠴᠠᠬᠢᠯᠭᠠᠨ ᠦᠢᠯᠡᠳᠪᠦᠷᠢ ᠳᠤ ᠂ ᠸᠠᠩ ᠭᠦᠸᠧ ᠴᠢᠦᠸᠠᠨ ᠨᠡᠭᠦᠷᠡᠰᠦᠨ ᠴᠢᠯᠠᠭᠤ ᠶᠢ | ᠶᠡᠷᠦᠩᠬᠡᠶᠢᠯᠡᠨ ᠠᠰᠢᠭᠯᠠᠬᠰᠠᠨ ᠨᠤᠷᠮ᠎ᠠ᠂ ᠦᠢᠯᠡᠳᠪᠦᠷᠢᠯᠡᠯ ᠡᠵᠡᠩᠨᠡᠯᠲᠡ ᠵᠢᠴᠢ ᠦᠢᠯᠡᠳᠬᠦᠨ ᠤ ᠦᠷᠳᠡᠭ ᠤᠨ ᠦᠷ᠎ᠡ ᠠᠰᠢᠭ ᠵᠡᠷᠭᠡ ᠪᠠᠶᠢᠳᠠᠯ ᠢ ᠣᠶᠢᠯᠠᠭᠠᠭᠰᠠᠨ ᠤ | ᠲᠠᠷᠠᠭ᠎ᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠠᠷᠭ᠎ᠠ ᠬᠡᠮᠵᠢᠶ᠎ᠡ ᠶᠢ | ᠴᠢᠩᠭᠠᠳᠬᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | | ᠵᠢᠷᠤᠭ ᠄ 6 ᠰᠠᠷ᠎ᠠ ᠶᠢᠨ 8 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠭᠦᠸᠧ ᠴᠢᠦᠸᠠᠨ ᠬᠤᠢ ᠨᠧᠩ ᠴᠠᠩ ᠲᠠᠨ ᠨᠡᠭᠦᠷᠡᠰᠦᠨ | ᠠᠭᠤᠷᠬᠠᠢ ᠳᠤ ᠂ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ | ᠭᠤᠣᠯᠳᠠᠯᠭ᠎ᠠ ᠲᠠᠢ ᠵᠢᠴᠢ ᠳᠠᠪᠬᠤᠷᠳᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠭ᠎ᠠ ᠨᠢ ᠃ | ᠶᠤᠸᠠᠢ ᠴᠧᠨ ᠶᠠᠨ ᠰᠡᠭᠦᠳᠡᠷᠯᠡᠪᠡ | ᠨᠥᠬᠦᠷᠯᠡᠯ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠴᠠᠩ ᠱᠧᠩ ᠳ᠋ᠢᠶᠠᠨ ᠲᠣᠰᠬᠤᠨ ᠂ ᠰᠢᠦᠸᠠᠢ ᠵᠢᠶᠠ ᠸᠠᠨ ᠪᠠᠯᠭᠠᠰᠤᠨ ᠤ ᠬᠤᠢ ᠨᠧᠩ ᠴᠠᠩ | ᠲᠠᠨ ᠨᠡᠭᠦᠷᠡᠰᠦᠨ ᠠᠭᠤᠷᠬᠠᠢ ᠪᠣᠯᠣᠨ ᠶᠢᠨ ᠲᠠᠢ ᠴᠠᠩ ᠲᠠᠨ ᠨᠡᠭᠦᠷᠡᠰᠦᠨ ᠠᠭᠤᠷᠬᠠᠢ ᠵᠡᠷᠭᠡ ᠭᠠᠵᠠᠷ ᠲᠤ ᠂ ᠸᠠᠩ ᠭᠦᠸᠧ ᠴᠢᠦᠸᠠᠨ ᠠᠬᠤᠢ ᠳᠠᠯᠠᠪᠠᠢ ᠳᠤ ᠠᠯᠪᠠᠯᠠᠵᠤ ᠂ | ᠣᠯᠠᠨ ᠲᠦᠮᠡᠨ ᠤ ᠲᠤᠰᠬᠠᠭᠰᠠᠨ ᠠᠰᠠᠭᠤᠳᠠᠯ ᠤᠨ ᠪᠠᠶᠢᠳᠠᠯ ᠢ ᠭᠦᠨᠵᠡᠭᠡᠢ ᠨᠠᠷᠢᠨ ᠣᠶᠢᠯᠠᠭᠠᠵᠤ ᠂ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠱᠠᠯᠠᠪᠳᠠᠭᠤᠯᠤᠨ | ᠵᠢᠯᠤᠭᠤᠳᠬᠤ ᠶᠢᠨ ᠬᠠᠮᠲᠤ ᠬᠠᠷᠢᠶ᠎ᠠ ᠭᠠᠵᠠᠷ ᠵᠢᠴᠢ ᠰᠠᠯᠠᠭ᠎ᠠ ᠮᠥᠴᠢᠷ ᠤᠨ ᠬᠢᠨ ᠪᠠᠶᠢᠴᠠᠭᠠᠨ ᠰᠤᠳᠤᠯᠤᠯᠲᠠ ᠬᠢᠬᠦ ᠶᠢ ᠴᠢᠬᠤᠯᠠᠴᠢᠯᠠᠵᠤ ᠂ ᠬᠠᠤᠯᠢ ᠲᠣᠭᠲᠠᠭᠠᠯ | ᠶᠣᠰᠣᠭᠠᠷ ᠬᠠᠯᠠᠨ ᠰᠠᠶᠢᠵᠢᠷᠠᠭᠤᠯᠬᠤ ᠶᠢ ᠠᠳᠬᠤᠬᠤ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠂ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ ᠂ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠵᠦ ᠂ ᠠᠮᠢ ᠠᠬᠤᠢ ᠣᠷᠴᠢᠨ ᠳᠤᠭᠤᠷᠢᠨ ᠤ ᠦᠷᠭᠦᠯᠵᠢᠯᠡᠨ | ᠰᠠᠶᠢᠵᠢᠷᠠᠬᠤ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | ᠬᠤᠰᠢᠭᠤᠨ ᠤ ᠤᠳᠤᠷᠢᠳᠤᠯᠭ᠎ᠠ ᠸᠠᠩ ᠮᠢᠨ ᠂ ᠯᠢᠦ ᠢᠦᠢ ᠴᠧᠩ ᠂ ᠬᠠᠮᠢᠶ᠎ᠠ ᠪᠦᠬᠦᠢ ᠬᠠᠷᠢᠶᠠᠲᠤ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ | ᠣᠷᠣᠯᠴᠠᠵᠠᠢ ᠃ | | | | | |